| ᠤᠷᠢᠬᠠᠨ ᠬᠠᠪᠤᠷ ᠰᠠᠭᠠᠲᠠᠭᠰᠠᠨ 3 ᠳ᠋ᠤᠭᠠᠷ ᠰᠠᠷ᠎ᠠ ᠶᠢᠨ ᠰᠡᠭᠦᠯᠴᠢ ᠳᠤ᠂ ᠪᠤᠯᠠᠭ ᠨᠡᠶᠢᠭᠡᠮ | ᠲᠣᠭᠤᠷᠢᠭ ᠤᠨ ᠡᠮᠡᠭᠲᠡᠶᠢᠴᠦᠳ ᠤᠨ ᠭᠠᠷ ᠦᠢᠯᠡᠳᠪᠦᠷᠢ ᠶᠢᠨ ᠲᠠᠰᠤᠭ ᠲᠤ ᠣᠷᠳᠣᠰ ᠮᠣᠩᠭᠤᠯ ᠵᠡᠬᠦᠭᠡ ᠦᠢᠯᠡᠳᠬᠦ | ᠪᠣᠯᠪᠠᠰᠤᠷᠠᠯ ᠤᠨ ᠬᠠᠮᠤᠭ ᠰᠡᠭᠦᠯᠴᠢ ᠶᠢᠨ ᠨᠢᠭᠡ ᠬᠤᠭᠤᠴᠠᠭᠠᠨ ᠤ ᠬᠢᠴᠢᠶᠡᠯ ᠶᠠᠪᠤᠭᠳᠠᠨ᠂ ᠬᠠᠷᠢᠶᠠᠲᠤ ᠣᠷᠣᠨ ᠤ | 12 ᠬᠦᠮᠤᠨ ᠪᠣᠯᠪᠠᠰᠤᠷᠠᠯ ᠳᠤ ᠣᠷᠣᠯᠴᠠᠵᠤ᠂ ᠬᠥᠷ ᠬᠥᠭᠵᠢᠶᠡᠨ ᠲᠠᠢ ᠪᠠᠶᠢᠯ᠎ᠠ᠃ | ᠪᠣᠯᠪᠠᠰᠤᠷᠠᠯ ᠡᠬᠢᠯᠡᠬᠦ ᠠᠴᠠ ᠡᠮᠦᠨ᠎ᠡ᠂ ᠳᠤᠭᠤᠶᠢᠯᠠᠩ ᠤᠨ ᠨᠥᠬᠦᠳ ᠪᠦᠭᠦᠳᠡᠭᠡᠷ ᠢᠶᠠᠨ ᠲᠡᠷᠯᠢᠭ ᠢᠶᠠᠷ ᠢᠶᠠᠨ | ᠭᠤᠶᠤᠯᠠᠵᠤ᠂ ᠬᠠᠷᠢᠯᠴᠠᠨ ᠬᠥᠳᠡᠯᠦᠯᠴᠡᠬᠦ ᠲᠤᠭᠯᠠᠭᠠᠮ ᠲᠤᠭᠯᠠᠨ᠂ ᠡᠨᠡ ᠬᠦ ᠲᠤᠭᠤᠶᠢᠯᠠᠩ ᠳᠤ ᠤᠷᠤᠯᠴᠠᠭᠰᠠᠨ | ᠣᠯᠤᠯᠲᠠ ᠲᠥᠷᠥᠭᠳᠡᠯ ᠢᠶᠠᠨ ᠬᠤᠪᠢᠶᠠᠯᠴᠠᠪᠠ᠃ ᠭᠤᠸ᠎ᠠ ᠪᠠᠭᠰᠢ ᠣᠯᠠᠨ ᠢ ᠳᠠᠭᠠᠭᠤᠯᠤᠨ ᠡᠮᠤᠨᠡᠬᠢ ᠬᠡᠳᠦᠨ | ᠳᠤᠭᠤᠶᠢᠯᠠᠩ ᠤᠨ ᠰᠤᠷᠤᠯᠴᠠᠭᠰᠠᠨ ᠠᠭᠤᠯᠭ᠎ᠠ ᠶᠢ ᠡᠷᠭᠢᠴᠡᠭᠦᠯᠵᠦ᠂ ᠣᠯᠠᠨ ᠤ ᠪᠦᠲᠦᠭᠡᠯ ᠳᠤ ᠦᠨᠡᠯᠡᠯᠲᠡ ᠬᠢᠨ᠂ | ᠲᠤᠰ ᠤᠳᠠᠭᠠᠨ ᠤ ᠰᠤᠷᠤᠯᠴᠠᠬᠤ ᠠᠭᠤᠯᠭ᠎ᠠ ᠳᠤ ᠨᠠᠷᠢᠨ ᠲᠠᠶᠢᠯᠤᠮᠵᠢ ᠬᠢᠪᠠ᠃ | ᠬᠤᠶᠠᠷ ᠴᠠᠭ ᠤᠨ ᠬᠠᠮᠲᠤ ᠶᠢᠨ ᠴᠢᠷᠮᠠᠶᠢᠯᠭ᠎ᠠ ᠪᠠᠷ᠂ ᠨᠢᠭᠡᠨ ᠲᠡᠭᠦᠯᠳᠡᠷ ᠰᠠᠶᠢᠬᠠᠨ ᠣᠷᠳᠣᠰ ᠮᠣᠩᠭᠤᠯ | ᠦᠨᠳᠦᠰᠦᠲᠡᠨ ᠤ ᠵᠡᠬᠦᠭᠡ ᠶᠢ ᠬᠢᠵᠦ ᠪᠦᠳᠤᠭᠡᠨ᠂ ᠥᠪᠡᠷ ᠤᠨ ᠬᠥᠳᠡᠯᠮᠦᠷᠢ ᠶᠢᠨ ᠦᠷ᠎ᠡ ᠪᠦᠲᠦᠭᠡᠯ ᠳᠤ ᠪᠠᠨ | ᠤᠯᠠᠨ ᠢᠶᠠᠷ ᠢᠶᠠᠨ ᠶᠡᠭᠡ ᠰᠡᠳᠬᠢᠯ ᠬᠠᠨᠤᠮᠵᠢᠳᠠᠢ ᠪᠠᠶᠢᠪᠠ᠃ ᠳᠠᠷᠠᠭ᠎ᠠ ᠨᠢ ᠨᠡᠶᠢᠭᠡᠮ ᠤᠨ ᠠᠵᠢᠯᠲᠠᠨ ᠠᠴᠠ ᠣᠯᠠᠨ ᠢ | ᠬᠥᠲᠥᠯᠥᠨ ᠵᠢᠯᠣᠭᠤᠳᠴᠤ᠂ ᠲᠠᠷᠠᠭᠠᠴᠢ ᠪᠠᠷ ᠠᠵᠢᠯᠯᠠᠬᠤ ᠲᠠᠰᠤᠭ ᠢᠶᠠᠨ ᠬᠡᠷᠬᠢᠨ ᠡᠵᠡᠩᠨᠡᠬᠦ ᠲᠤᠬᠠᠢ ᠶᠠᠷᠢᠯᠴᠠᠨ᠂ | ᠰᠠᠨᠠᠯ ᠨᠢᠭᠡᠳᠡᠢ ᠪᠤᠯᠤᠭᠰᠠᠨ ᠪᠠᠶᠢᠨ᠎ᠠ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠨᠡᠶᠢᠭᠡᠮ ᠲᠣᠭᠤᠷᠢᠭ ᠤᠨ ᠠᠵᠢᠯ ᠬᠦᠯᠢᠶᠡᠵᠤ ᠪᠠᠶᠢᠭ᠎ᠠ | ᠡᠮᠡᠭᠲᠡᠶᠢᠴᠦᠳ ᠵᠢᠴᠢ ᠵᠡᠬᠦᠭᠡ ᠬᠢᠬᠦ ᠳᠤ ᠪᠠᠭ᠋ᠠᠲᠠᠢ ᠬᠦᠮᠦᠰ ᠲᠤ ᠰᠤᠷᠤᠯᠴᠠᠬᠤ ᠲᠠᠪᠴᠠᠩ ᠬᠠᠩᠭᠠᠨ ᠦᠭᠴᠦ᠂ | ᠵᠡᠬᠦᠭᠡ ᠬᠢᠬᠦ ᠶᠢ ᠰᠤᠷᠤᠯᠴᠠᠨ᠂ ᠮᠣᠩᠭᠤᠯ ᠦᠨᠳᠦᠰᠦᠲᠡᠨ ᠤ ᠠᠷᠠᠳ ᠤᠨ ᠭᠠᠷ ᠤᠷᠠᠯᠠᠯ ᠢ ᠤᠯᠠᠮᠵᠢᠯᠠᠬᠤ ᠳᠤ | ᠬᠦᠴᠤᠨ ᠨᠡᠮᠡᠷᠢᠯᠡᠪᠠ᠃ ᠲᠠᠷᠠᠭᠠᠴᠢ ᠪᠠᠷ᠂ ᠨᠡᠶᠢᠭᠡᠮ ᠤᠨ ᠠᠵᠢᠯ ᠤᠨ ᠥᠷᠲᠡᠭᠡ ᠨᠢ ᠠᠵᠢᠯᠯᠠᠬᠤ ᠲᠠᠰᠤᠭ ᠢᠶᠠᠷ | ᠲᠠᠪᠴᠠᠩ ᠪᠣᠯᠭᠠᠵᠤ᠂ ᠨᠡᠶᠢᠭᠡᠮ ᠲᠣᠭᠤᠷᠢᠭ ᠤᠨ ᠨᠠᠩ ᠣᠯᠠᠨ ᠵᠡᠬᠦᠭᠡ ᠬᠢᠬᠦ ᠳᠤ ᠪᠠᠭ᠋ᠠᠲᠠᠢ ᠬᠦᠮᠦᠰ ᠵᠢᠴᠢ ᠠᠵᠢᠯ | ᠬᠦᠯᠢᠶᠡᠵᠤ ᠪᠠᠶᠢᠭ᠎ᠠ ᠡᠮᠡᠭᠲᠡᠶᠢᠴᠦᠳ ᠢ ᠬᠥᠲᠥᠯᠥᠨ ᠵᠢᠯᠣᠭᠤᠳᠴᠤ ᠪᠠᠶᠢᠭᠠᠳ ᠠᠵᠢᠯᠯᠠᠬᠤ ᠲᠠᠰᠤᠭ ᠲᠤ ᠣᠷᠤᠭᠤᠯᠤᠨ | ᠂ ᠠᠵᠢᠯ ᠬᠦᠯᠢᠶᠡᠵᠤ ᠪᠠᠶᠢᠭ᠎ᠠ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ | ᠳᠠᠶᠢᠴᠢᠯᠠᠬᠤ ᠪᠠᠷ ᠪᠠᠶᠢᠨ᠎ᠠ᠃ | | | | | | | | | | | | | | |