2022 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠠᠵᠤ ᠤᠶᠢᠯᠡᠰ ᠤᠨ ᠲᠦᠷᠦᠭᠦᠴᠦᠳ ᠤᠨ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2022/10/10
     2022 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠠᠵᠤ ᠤᠶᠢᠯᠡᠰ ᠤᠨ ᠲᠦᠷᠦᠭᠦᠴᠦᠳ ᠤᠨ ᠬᠤᠷᠠᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃      ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠨ ᠲᠦᠷᠦᠭᠦᠴᠦᠳ ᠤᠨ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ ᠪᠠᠶᠠᠷ ᠤᠨ ᠦᠭᠡ ᠳᠤ ᠪᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠠᠮᠢ ᠠᠬᠤᠢ ᠶᠢᠨ ᠡᠬᠢ ᠪᠠᠶᠠᠯᠢᠭ᠂ ᠠᠭᠤᠷᠬᠠᠢ ᠶᠢᠨ ᠡᠬᠢ ᠪᠠᠶᠠᠯᠢᠭ᠂ ᠰᠢᠨ᠎ᠡ ᠡᠨᠧᠷᠭᠢ ᠡᠯᠪᠡᠭ ᠳᠡᠯᠪᠡᠭ ᠪᠠᠶᠢᠵᠤ᠂ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠠᠵᠤ ᠦᠢᠯᠡᠰ ᠢ ᠬᠥᠭᠵᠢᠭᠦᠯᠵᠦ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠣᠯ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ᠃ ᠪᠢᠳᠡ ᠲᠣᠰ ᠤᠳᠠᠭᠠᠨ ᠤ ᠲᠦᠷᠦᠭᠦᠴᠦᠳ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠳᠡᠯᠡᠬᠡᠶ ᠶᠢᠨ ᠡᠯ᠎ᠡ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠪᠠᠯᠠ ᠣᠷᠣᠭᠤᠯᠤᠯᠲᠠ ᠶᠢᠨ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠯᠤᠭ᠎ᠠ ᠨᠠᠩ ᠨᠢᠭᠲᠠ ᠬᠠᠮᠲᠤᠷᠠᠯᠴᠠᠭᠠᠨ ᠤ ᠲᠣᠭᠲᠠᠴᠠ᠂ ᠨᠠᠩ ᠥᠨᠳᠥᠷ ᠪᠦᠲᠦᠮᠵᠢᠲᠡᠶ ᠤᠯᠤᠯᠴᠠᠭ᠎ᠠ ᠶᠢᠨ ᠲᠣᠭᠲᠠᠴᠠ᠂ ᠨᠠᠩ ᠠᠮᠢᠳᠤᠯᠢᠭ ᠰᠢᠨ᠎ᠡ ᠶᠢ ᠡᠭᠦᠳᠬᠦ ᠲᠣᠭᠲᠠᠴᠠ ᠶᠢ ᠪᠠᠶᠢᠭᠤᠯᠵᠤ᠂ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠰᠢᠨ᠎ᠡ ᠪᠠᠶᠢᠳᠠᠯ ᠢ ᠬᠠᠮᠲᠤ ᠪᠠᠷ ᠲᠦᠰᠤᠪᠯᠡᠨ᠂ ᠬᠡᠯᠪᠡᠷᠢ ᠪᠠᠨ ᠬᠤᠪᠢᠷᠠᠭᠤᠯᠬᠤ ᠰᠢᠨ᠎ᠡ ᠴᠢᠭᠯᠡᠯ ᠢ ᠬᠠᠮᠲᠤ ᠪᠠᠷ ᠡᠷᠢᠯᠬᠢᠯᠡᠵᠦ᠂ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ᠃ ᠪᠢᠳᠡ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠦᠯᠦᠪᠵᠢᠬᠦᠯᠭᠡ ᠶᠢᠨ ᠬᠤᠭᠤᠴᠠᠭᠠᠨ ᠤ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠣᠷᠭᠢᠯ ᠭᠡᠮᠵᠢᠭᠳᠡᠯ ᠳᠤ ᠬᠦᠷᠬᠡᠬᠦ ᠪᠠᠶᠢᠯᠳᠤᠬᠤ ᠪᠣᠳᠣᠯᠭ᠎ᠠ ᠶᠢᠨ ᠵᠠᠩᠭᠢᠯᠠᠭ᠎ᠠ ᠶᠢᠨ ᠴᠤᠩᠬᠤᠪᠴᠢ ᠬᠤᠭᠤᠴᠠᠭ᠎ᠠ ᠶᠢ ᠪᠠᠲᠤ ᠡᠵᠡᠮᠳᠡᠵᠦ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠠᠵᠤ ᠤᠶᠢᠯᠡᠰ ᠢ ᠶᠡᠭᠡ ᠪᠠᠷ ᠬᠥᠭᠵᠢᠭᠦᠯᠵᠦ᠂ ᠰᠢᠨ᠎ᠡ ᠡᠨᠧᠷᠭᠢ ᠶᠢᠨ ᠠᠵᠤ ᠤᠶᠢᠯᠡᠰ ᠪᠣᠯᠤᠨ ᠪᠤᠰᠤᠳ ᠠᠵᠤ ᠤᠶᠢᠯᠡᠰ ᠤᠨ ᠬᠠᠮᠲᠤᠷᠠᠯ ᠬᠦᠴᠦᠨ ᠤ ᠬᠥᠭᠵᠢᠯᠲᠡ ᠶᠢ ᠶᠡᠭᠡ ᠪᠠᠷ ᠠᠬᠢᠭᠤᠯᠵᠤ᠂ ᠡᠨᠧᠷᠭᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠶᠡᠭᠡ ᠪᠠᠷ ᠠᠬᠢᠭᠤᠯᠵᠤ᠂ ᠤᠯᠤᠰ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠢ ᠰᠠᠶᠢᠲᠤᠷ ᠪᠥᠲᠥᠭᠡᠨ ᠪᠠᠶᠢᠭᠤᠯᠵᠤ᠂ ᠥᠪᠥᠷ ᠮᠣᠩᠭᠤᠯ ᠢ ᠰᠢᠨ᠎ᠡ ᠡᠨᠧᠷᠭᠢ ᠶᠢᠨ ᠪᠥᠬᠦ ᠠᠵᠤ ᠤᠶᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠰᠢᠨ᠎ᠡ ᠦᠨᠳᠦᠷᠯᠢᠭ ᠪᠣᠯᠭᠠᠨ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ ᠬᠥᠭᠵᠢᠯᠲᠡ ᠪᠠᠷ ᠠᠵᠤ ᠤᠶᠢᠯᠡᠰ ᠤᠨ ᠥᠨᠳᠦᠷᠯᠢᠭ ᠢ ᠴᠢᠮᠡᠭᠯᠡᠨ᠎ᠡ ᠭᠡᠪᠡ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠡᠬᠢᠯᠡᠯᠲᠡ ᠶᠢᠨ ᠶᠣᠰᠣᠯᠠᠯ ᠳᠤ ᠤᠷᠤᠯᠴᠠᠵᠦ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠡᠬᠢᠯᠡᠯᠲᠡ ᠶᠢᠨ ᠶᠣᠰᠣᠯᠠᠯ ᠢ ᠡᠷᠬᠢᠯᠡᠨ  ᠂  ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ  ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠸᠡᠭ ᠭᠤᠤᠯ ᠵᠤᠷᠢᠯᠳᠠᠳᠤ ᠶᠠᠷᠢᠶ᠎ᠠ ᠢᠯᠡᠳᠬᠡᠯ ᠬᠢᠵᠦ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠲᠣᠰ ᠤᠳᠠᠭᠠᠨ ᠤ ᠲᠦᠷᠦᠭᠦᠴᠦᠳ ᠤᠨ ᠬᠤᠷᠠᠯ ᠨᠢ ︽ᠰᠢᠨ᠎ᠡ ᠡᠨᠧᠷᠭᠢ᠂ ᠰᠢᠨ᠎ᠡ ᠠᠵᠤ  ᠤᠶᠢᠯᠡᠰ᠂ ᠰᠢᠨ᠎ᠡ ᠠᠮᠢ ᠠᠬᠤᠢ︾᠎ ᠎ ᠪᠠᠷ ᠭᠤᠤᠯ ᠰᠡᠳᠦᠪ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠤᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠤᠷᠢᠵᠤ᠂ ᠲᠤᠷᠰᠢᠯᠭ᠎ᠠ ᠪᠠᠨ ᠬᠤᠪᠢᠶᠠᠯᠴᠠᠨ᠂ ᠬᠠᠷᠢᠯᠴᠠᠨ ᠰᠤᠷᠤᠯᠴᠠᠵᠤ ᠬᠠᠮᠲᠤ ᠪᠠᠷ ᠲᠣᠯᠢᠯᠠᠵᠤ᠂ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠠᠵᠤ ᠤᠶᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ᠂ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠭᠡᠨ ᠤ ᠦᠷ᠎ᠡ ᠪᠦᠲᠦᠭᠡᠯ ᠢ ᠬᠤᠪᠢᠶᠠᠯᠴᠠᠪᠠ᠃      ᠣᠷᠳᠣᠰ ᠲᠤ ᠪᠠᠶᠢᠬᠤ ᠬᠤᠭᠤᠴᠠᠭᠠᠨ ᠳᠤ ᠪᠠᠨ᠂ ᠸᠠᠩ ᠯᠢ ᠰᠢᠶᠠ ᠪᠠᠰᠠ ᠲᠤᠬᠠᠶ ᠶᠢᠨ ᠭᠠᠵᠠᠷ ᠤᠨ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠠᠵᠤ ᠤᠶᠢᠯᠡᠰ ᠤᠨ ᠬᠦᠷᠢᠶᠡᠯᠡᠩ ᠳᠤ ᠬᠦᠷᠴᠦ᠂  ᠶᠤᠸᠠᠨ ᠵᠢᠩ᠂ ᠱᠠᠩᠬᠠᠶ ᠶᠢᠨ ᠮᠠᠰᠢᠨ ᠲᠡᠷᠭᠡᠨ ᠤ ᠪᠦᠯᠦᠭᠯᠡᠯ᠂ ᠯᠦᠩ ᠵᠢᠶ ᠰᠢᠨ᠎ᠡ ᠡᠨᠧᠷᠭᠢ ᠶᠢᠨ ᠲᠥᠷᠥᠯ ᠵᠤᠶᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃  
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号