ᠮᠠᠨ ᠤ ᠬᠤᠰᠢᠭᠤᠨ ᠤ 2022 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠵᠢᠴᠢ ᠪᠣᠯᠪᠠᠰᠤᠨ ᠬᠤᠭᠤᠯᠠᠨ ᠰᠢᠷᠡᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/10/10
     ᠮᠠᠨ ᠤ ᠬᠤᠰᠢᠭᠤᠨ ᠤ 2022 ᠣᠨ ᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠵᠢᠴᠢ ᠪᠣᠯᠪᠠᠰᠤᠨ ᠬᠤᠭᠤᠯᠠᠨ ᠰᠢᠷᠡᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠵᠢᠶᠦ᠋ᠨ ᠸᠠᠩ ᠤᠨ ᠣᠷᠳᠣᠨ ᠤ ᠠᠭᠤᠳᠠᠮ ᠲᠠᠯᠠᠪᠠᠶ ᠳᠤ ᠡᠬᠢᠯᠡᠵᠦ᠂ ᠬᠤᠰᠢᠭᠤᠨ ᠤ ᠤᠳᠤᠷᠢᠳᠤᠯᠭ᠎ᠠ ᠱᠢ ᠸᠧᠨ ᠶᠢᠩ᠂ ᠯᠢ ᠬᠦᠢ᠂ ᠰᠢᠶᠧ ᠯᠢ ᠶᠤᠸᠠᠨ ᠠᠵᠢᠯᠯᠠᠭ᠎ᠠ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠣᠪᠣᠷ ᠢᠶᠠᠨ ᠢᠯᠡᠳᠬᠡᠬᠦ ᠦᠭᠡ ᠬᠡᠯᠡᠪᠡ᠃      ᠲᠣᠰ ᠤᠳᠠᠭᠠᠨ ᠤ ᠠᠵᠢᠯᠯᠠᠭ᠎ᠠ ᠨᠢ ︽ᠢᠳᠡᠭᠡᠨ ᠤ ᠠᠮᠤᠷ ᠲᠦᠪᠰᠢᠨ ᠤ ᠰᠢᠨ᠎ᠡ ᠬᠥᠭᠵᠢᠯᠲᠡ ᠶᠢ ᠬᠠᠮᠲᠤ ᠪᠠᠷ ᠴᠤᠬᠴᠠᠯᠠᠵᠦ ᠰᠠᠶᠢᠨ ᠰᠠᠶᠢᠬᠠᠨ ᠰᠢᠨ᠎ᠡ ᠠᠮᠢᠳᠤᠷᠠᠯ ᠢ ᠬᠠᠮᠲᠤ ᠪᠠᠷ ᠡᠳ᠋ᠯᠡᠬᠦ︾  ᠎ ᠪᠠᠷ ᠭᠤᠤᠯ ᠰᠡᠳᠦᠪ ᠪᠤᠯᠭᠠᠵᠦ᠂ ᠡᠯᠭᠦᠮᠡᠯ ᠪᠢᠴᠢᠭᠡᠰᠦ ᠡᠯᠭᠦᠬᠦ᠂ ᠳᠡᠯᠭᠡᠨ ᠦᠵᠡᠬᠦᠯᠦᠯᠭᠡ ᠬᠢᠬᠦ᠂ ᠲᠤᠬᠠᠶ ᠶᠢᠨ ᠲᠠᠯᠠᠪᠤᠷ ᠲᠤ ᠵᠥᠪᠯᠡᠯᠭᠡ ᠥᠭᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠦᠷᠨᠢᠬᠦᠯᠦᠭᠰᠡᠨ ᠪᠠᠶᠢᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠬᠤᠰᠢᠭᠤᠨ ᠤ ᠢᠳᠡᠭᠡᠨ ᠪᠠ ᠡᠮ ᠤᠨ ᠵᠦᠢᠯᠡᠰ ᠤᠨ ᠠᠶᠤᠯᠬᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠬᠡᠴᠢ ᠶᠢᠨ ᠭᠤᠤᠯ ᠰᠡᠳᠦᠪᠲᠦ ᠡᠳᠦᠷ ᠤᠨ ᠠᠵᠢᠯᠯᠠᠭ᠎ᠠ ᠪᠠᠷ ᠭᠤᠤᠯᠳᠠᠯᠭ᠎ᠠ ᠪᠣᠯᠭᠠᠨ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ︽ᠵᠢᠷᠭᠤᠭ᠎ᠠ ᠶᠢ ᠣᠷᠣᠭᠤᠯᠬᠤ︾᠎ ᠪᠠᠷ ᠭᠠᠷᠳᠠᠴᠠ ᠪᠣᠯᠭᠠᠵᠤ᠂ ᠡᠯ᠎ᠡ ᠵᠦᠢᠯ ᠤᠨ ᠥᠪᠡᠷᠮᠢᠴᠡ ᠣᠨᠴᠠᠯᠢᠭ ᠲᠠᠢ ᠤᠬᠠᠭᠤᠯᠭ᠎ᠠ ᠶᠢᠨ ᠠᠵᠢᠯᠯᠠᠭ᠎ᠠ ᠶᠢ ᠳᠣᠪᠤᠶᠢᠯᠭᠠᠨ᠂ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠣᠯᠠᠨ ᠲᠦᠮᠡᠨ ᠤ ᠤᠬᠠᠮᠰᠠᠷ ᠠᠴᠠ ᠪᠠᠨ ᠬᠠᠤᠯᠢ ᠶᠢ ᠵᠢᠷᠤᠮᠯᠠᠨ ᠬᠠᠤᠯᠢ ᠶᠢ ᠰᠠᠬᠢᠬᠤ ᠶᠢ ᠬᠥᠲᠥᠯᠥᠨ ᠵᠢᠯᠣᠭᠤᠳᠴᠤ᠂ ᠡᠷᠬᠡ ᠪᠠᠨ ᠬᠠᠮᠠᠭᠠᠯᠠᠬᠤ ᠴᠢᠳᠠᠪᠤᠷᠢ ᠪᠠ ᠰᠢᠨᠵᠢᠯᠡᠬᠦ ᠤᠬᠠᠭᠠᠨᠴᠢ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠢᠳᠡᠭᠡᠨ ᠤ ᠠᠮᠤᠷ ᠲᠦᠪᠰᠢᠨ ᠤ ᠨᠡᠶᠢᠭᠡᠮ ᠤᠨ ᠬᠠᠮᠲᠤ ᠪᠠᠷ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠬᠤ ᠪᠠᠷ ᠪᠠᠶᠢᠨ᠎ᠠ᠃                      
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号