ᠳ᠋ᠦ᠋ ᠶᠠᠨ ᠪᠢᠨ 2022 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠠᠵᠤ  ᠦᠢᠯᠡᠰ ᠤᠨ ᠲᠦᠷᠦᠭᠦᠴᠦᠳ ᠤᠨ ᠬᠤᠷᠠᠯ ᠳᠤ ᠣᠷᠣᠯᠴᠠᠬᠤ ᠵᠠᠭᠤᠴᠢᠯᠠᠭᠤᠷ ᠤᠨ ᠬᠢᠨ ᠤ ᠰᠤᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2022/10/10
     2022 ᠣᠨ ᠤ ᠣᠷᠳᠣᠰ ᠤᠨ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠠᠵᠤ ᠦᠢᠯᠡᠰ ᠤᠨ ᠲᠦᠷᠦᠭᠦᠴᠦᠳ ᠤᠨ ᠬᠤᠷᠠᠯ ᠡᠬᠢᠯᠡᠪᠡ᠃ ᠡᠨᠡ ᠬᠦ ᠬᠤᠭᠤᠴᠠᠭᠠᠨ ᠳᠤ᠂ ᠬᠤᠰᠢᠭᠤ ᠳᠡᠳ᠋ ᠳᠠᠷᠤᠭ᠎ᠠ ᠳ᠋ᠦ᠋ ᠶᠠᠨ ᠪᠢᠨ ᠪᠣᠯᠤᠨ ᠶᠤᠸᠠᠨ ᠵᠢᠩ ᠬᠦᠳᠡᠯᠭᠡᠭᠴᠢ ᠬᠦᠴᠦᠨ ᠤ ᠪᠦᠯᠦᠭᠯᠡᠯ ᠤᠨ ᠳᠤᠮᠳᠠᠳᠤ ᠤᠯᠤᠰ ᠤᠨ ᠣᠷᠣᠨ ᠤ ᠪᠣᠷᠣᠯᠠᠭᠤᠯᠭ᠎ᠠ ᠶᠢᠨ ᠳᠡᠳ᠋ ᠶᠡᠷᠦᠩᠬᠡᠶ ᠵᠠᠬᠢᠷᠤᠯ ᠶᠠᠩ ᠰᠢᠶᠣᠤ ᠸᠧᠶ᠂ ᠶᠤᠸᠠᠨ ᠵᠢᠩ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠦᠢᠯᠡᠳᠬᠦᠨ ᠤ ᠶᠡᠷᠦᠩᠬᠡᠶ  ᠪᠠᠶᠢᠴᠠᠭᠠᠬᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠥ᠋ ᠯᠢ ᠮᠢᠨ ᠬᠤᠷᠠᠯ ᠳᠤ ᠣᠷᠣᠯᠴᠠᠭᠰᠠᠨ ᠵᠠᠭᠤᠴᠢᠯᠠᠭᠤᠷ ᠤᠨ ᠬᠢᠨ ᠤ ᠰᠤᠷᠪᠤᠯᠵᠢᠯᠠᠭ᠎ᠠ ᠶᠢ ᠬᠦᠯᠢᠶᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠳ᠋ᠦ᠋ ᠶᠠᠨ ᠪᠢᠨ ᠢᠯᠡᠷᠭᠡᠶᠢᠯᠡᠬᠦ ᠳᠤ ᠪᠠᠨ᠂ ᠮᠠᠨ ᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠲᠤᠪᠤᠶᠢᠮ᠎ᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠴᠢᠩᠭ᠎ᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠵᠦ᠂ ᠭᠠᠵᠠᠷ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠵᠦ ᠪᠠᠶᠢᠨ᠎ᠠ᠃ ᠣᠶᠢᠷ᠎ᠠ ᠶᠢᠨ ᠵᠢᠯ ᠤᠨ ᠲᠤᠷᠰᠢ᠂ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ︾ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠤᠷᠢᠵᠤ ᠡᠯᠰᠡᠬᠦ᠂ ᠪᠣᠳᠠᠲᠠᠶ ᠨᠠᠶᠢᠳᠠᠪᠤᠷᠢᠵᠢᠭᠤᠯᠬᠤ ᠶᠢ ᠠᠳᠬᠤᠵᠦ᠂ ᠠᠬᠢᠴᠠ ᠶᠢ ᠠᠩᠬᠠᠷᠴᠤ᠂ ᠦᠢᠯᠡᠴᠢᠯᠡᠭᠡ ᠶᠢ ᠰᠢᠯᠢᠳᠡᠭᠵᠢᠬᠦᠯᠦᠨ᠂ ᠳᠤᠲᠠᠭᠤᠳᠠᠯ ᠢ ᠨᠦᠬᠦᠪᠦᠷᠢᠯᠡᠵᠦ᠂ ᠲᠥᠷᠥᠯ ᠵᠦᠢᠯ ᠳᠤ ᠭᠦᠨᠵᠡᠭᠡᠶ ᠦᠢᠯᠡᠴᠢᠯᠡᠨ᠂ ︽ᠰᠠᠯᠬᠢ ᠬᠡᠷᠡᠯ ᠤᠰᠤᠲᠥ᠋ᠷᠥᠭᠴᠢ ᠡᠨᠧᠷᠬᠢ ᠬᠠᠳᠠᠭᠠᠯᠠᠬᠤ ᠲᠡᠷᠭᠡ︾᠎ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠵᠤ᠂ ᠪᠥᠬᠦ ᠲᠡᠯᠡᠬᠡᠢ ᠶᠢᠨ ᠠᠩᠬᠠᠳᠠᠭᠴᠢ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠲᠠᠰᠤᠷᠠᠯᠲᠠ ᠦᠭᠡᠢ ᠭᠦᠨᠴᠡ ᠶᠢ ᠤᠷᠳᠤᠳᠬᠠᠨ᠂ ᠥᠷᠭᠡᠴᠡ ᠶᠢ ᠥᠷᠭᠡᠳᠬᠡᠵᠦ᠂ ᠨᠠᠷᠢᠯᠢᠭ ᠣᠨᠣᠪᠴᠢᠲᠠᠶ ᠰᠢᠯᠭᠠᠵᠦ᠂ ᠭᠡᠷ᠎ᠡ ᠲᠣᠭᠲᠠᠭᠰᠠᠨ ᠲᠥᠷᠥᠯ ᠵᠦᠢᠯ ᠤᠨ ᠡᠷᠲᠡᠬᠡᠨ ᠠᠵᠢᠯ ᠡᠬᠢᠯᠡᠬᠦ᠂ ᠠᠵᠢᠯ ᠡᠬᠢᠯᠡᠭᠰᠡᠨ ᠲᠥᠷᠥᠯ ᠵᠦᠢᠯ ᠤᠨ ᠡᠷᠲᠡᠬᠡᠨ ᠠᠵᠢᠯ ᠳᠠᠭᠤᠰᠬᠤ᠂ ᠠᠵᠢᠯ ᠳᠠᠭᠤᠰᠤᠭᠰᠠᠨ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠤᠷᠢᠳ ᠢᠶᠠᠷ ᠰᠠᠶᠢᠲᠤᠷ  ᠵᠠᠮᠨᠠᠬᠰᠠᠨ ᠪᠠᠶᠢᠨ᠎ᠠ ᠭᠡᠪᠡ᠃                          
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号