ᠬᠤᠸᠠ ᠷᠦᠢ ᠹᠧᠩ ᠯᠦᠩ ᠵᠢᠢ ᠴᠡᠪᠡᠷ ᠡᠨᠧᠷᠭᠢ ᠶᠢᠨ ᠶᠡᠷᠦᠩᠬᠡᠢ ᠳᠠᠭᠠᠭᠠᠮᠠᠯ ᠴᠢᠶᠠᠩ ᠱᠧᠩ ᠹᠠ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/10/10
     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠯᠦᠩ ᠵᠢᠶ ᠴᠡᠪᠡᠷ ᠡᠨᠧᠷᠭᠢ ᠶᠢᠨ ᠶᠡᠷᠦᠩᠬᠡᠶ ᠳᠠᠭᠠᠭᠠᠮᠠᠯ ᠴᠢᠶᠠᠩ ᠱᠧᠩ ᠹᠠ ᠨᠠᠷ ᠲᠠᠢ ᠠᠭᠤᠯᠵᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠮᠸᠡᠭ ᠰᠤ᠋ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠪᠠᠢ ᠵᠢᠶᠠᠨ ᠭᠠᠩ ᠵᠢᠴᠢ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃      ᠬᠤᠶᠠᠷ ᠲᠠᠯ᠎ᠠ ᠪᠠᠷ ᠢᠶᠠᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠭᠤᠯᠳᠠ ᠴᠤᠬᠴᠠᠯᠠᠬᠰᠠᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃      ᠬᠤᠸᠠ ᠷᠦᠢ ᠹᠸᠡᠭ ᠬᠡᠯᠡᠬᠦ ᠳᠤ ᠪᠠᠨ᠂ ᠯᠦᠩ ᠵᠢᠶ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠪᠣᠯ ᠮᠠᠨ ᠤ ᠬᠤᠰᠢᠭᠤᠨ ᠤ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠲᠥᠷᠥᠯ ᠵᠦᠢᠯ ᠤᠨ ᠨᠢᠭᠡ ᠪᠣᠯᠤᠨ᠎ᠠ᠂ ᠭᠡᠷ᠎ᠡ ᠲᠣᠭᠲᠠᠭᠰᠠᠨ ᠠᠴᠠ ᠨᠠᠰᠢ ᠣᠯᠠᠨ ᠤ ᠠᠩᠬᠠᠷᠤᠯ ᠢ ᠶᠡᠬᠡᠳᠡ ᠲᠠᠲᠠᠪᠠ᠃ ᠣᠳᠣᠬᠠᠨ ᠳᠤ᠂ ᠦᠢᠯᠡᠳᠪᠦᠷᠢ ᠶᠢᠨ ᠭᠤᠤᠯ ᠴᠣᠭᠴᠠ ᠶᠢᠨ ᠪᠠᠷᠢᠯᠭ᠎ᠠ ᠬᠥᠭᠵᠢᠶᠡᠨᠲᠡᠶ ᠶᠠᠪᠤᠭᠳᠠᠵᠤ᠂ ᠢᠯᠴᠢ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠪᠣᠬᠢᠷ ᠤᠰᠤ ᠰᠢᠢᠳᠪᠦᠷᠢᠯᠡᠬᠦ ᠵᠡᠷᠭᠡ ᠰᠠᠭᠤᠷᠢ ᠢᠵᠢ ᠪᠥᠷᠢᠳᠦᠭᠦᠯᠦᠯᠲᠡ ᠶᠢ ᠢᠳᠡᠪᠬᠢᠲᠡᠶ ᠪᠥᠭᠡᠳ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠦᠷᠦᠯ ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠤᠷᠤᠭᠤᠯᠤᠨ᠂ ᠡᠷᠲᠡᠬᠡᠨ ᠦᠷ᠎ᠡ ᠪᠦᠲᠦᠮᠵᠢ ᠤᠯᠬᠤ ᠶᠢ ᠬᠠᠮᠲᠤ ᠪᠠᠷ ᠢᠶᠠᠨ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号