ᠬᠤᠢ ᠨᠧᠩ ᠨᠡᠭᠦᠷᠡᠰᠦ ᠴᠠᠬᠢᠯᠭᠠᠨ ᠤ ᠪᠦᠯᠦᠭᠯᠡᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/10
     ᠤᠶᠢᠷ᠎ᠠ ᠳᠤ᠂ ᠬᠤᠰᠢᠭᠤ ᠳᠡᠳ᠋ ᠳᠠᠷᠤᠭ᠎ᠠ ᠳ᠋ᠦ᠋ ᠶᠠᠨ ᠪᠢᠨ ᠬᠤᠶ ᠨᠸᠡᠭ ᠨᠡᠭᠦᠷᠡᠰᠦ ᠴᠠᠬᠢᠯᠭᠠᠨ ᠤ ᠪᠦᠯᠦᠭᠯᠡᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠶ ᠨᠸᠡᠭ ᠨᠡᠭᠦᠷᠡᠰᠦ ᠴᠠᠬᠢᠯᠭᠠᠨ ᠤ ᠪᠦᠯᠦᠭᠯᠡᠯ ᠤᠨ ᠮᠠᠨ ᠤ ᠬᠤᠰᠢᠭᠤᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠬᠦᠴᠢᠷᠳᠡᠯ ᠪᠠ ᠠᠰᠠᠭᠤᠳᠠᠯ ᠢ ᠵᠠᠳᠠᠯᠤᠨ ᠰᠤᠳᠤᠯᠵᠤ ᠰᠢᠢᠳᠪᠦᠷᠢᠯᠡᠬᠦ ᠶᠢᠨ ᠬᠠᠮᠲᠤ ᠲᠥᠷᠥᠯ ᠵᠦᠢᠯ ᠤᠨ ᠬᠠᠮᠢᠶᠠᠷᠤᠯᠲᠠ ᠶᠢ ᠰᠠᠶᠢᠲᠤᠷ ᠬᠢᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠴᠢᠬᠤᠯᠠᠴᠢᠯᠠᠬᠰᠠᠨ ᠨᠢ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠪᠥᠬᠦ ᠬᠤᠰᠢᠭᠤ ᠪᠠᠷ ᠢᠶᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠥᠷᠥᠯ ᠵᠦᠢᠯ ᠤᠨ ᠲᠥᠯᠥᠪᠵᠢᠭᠦᠯᠭᠡ ᠪᠠᠶᠢᠷᠢᠰᠢᠭᠤᠯᠤᠯᠲᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠣᠬᠢᠷᠠᠭᠤᠯᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠲᠥᠷᠥᠯ ᠵᠦᠢᠯ ᠢ ᠬᠥᠮᠥᠷᠭᠡ ᠳᠤ ᠣᠷᠣᠭᠤᠯᠬᠤ᠂ ᠪᠥᠲᠥᠭᠡᠨ ᠪᠠᠶᠢᠭᠤᠯᠵᠤ ᠠᠵᠢᠯᠯᠠᠭᠤᠯᠬᠤ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠬᠤᠯᠪᠤᠬᠳᠠᠯ ᠪᠥᠬᠦᠶ ᠰᠠᠯᠠᠭ᠎ᠠ ᠮᠥᠴᠢᠷ ᠤᠳ ᠲᠤᠰᠬᠠᠶ ᠠᠩᠭᠢ ᠪᠠᠷ ᠠᠬᠢᠭᠤᠯᠬᠤ ᠶᠢ ᠴᠢᠩᠭᠠᠷᠠᠭᠤᠯᠵᠤ᠂ ᠭᠠᠷᠳᠠᠮ ᠬᠦᠢᠴᠡᠳᠬᠡᠬᠦ ᠪᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ᠂ ᠠᠬᠢᠴᠠ ᠶᠢᠨ ᠨᠠᠷᠢᠨ ᠲᠠᠩᠰᠠ᠂ ᠬᠡᠷᠡᠭᠵᠢᠭᠦᠯᠬᠦ ᠨᠠᠷᠢᠨ ᠲᠠᠩᠰᠠ ᠶᠢ ᠨᠠᠷᠢᠨ ᠡᠮᠬᠢᠯᠡᠨ ᠳᠢᠭᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠤᠳ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠲᠣᠬᠢᠷᠠᠭᠤᠯᠤᠯᠲᠠ ᠪᠠᠨ ᠨᠡᠮᠡᠭᠳᠡᠭᠦᠯᠦᠨ᠂ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠤᠤᠷ᠎ᠠ᠂ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃  ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号