ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠤᠰᠬᠠᠶ ᠮᠡᠷᠭᠡᠵᠢᠯᠲᠡᠨ ᠤ ᠵᠦᠪᠳᠡᠯᠴᠡᠭᠡᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/10
     ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠤᠰᠬᠠᠶ ᠮᠡᠷᠭᠡᠵᠢᠯᠲᠡᠨ ᠤ  ᠵᠦᠪᠳᠡᠯᠴᠡᠭᠡᠨ ᠤ ᠬᠤᠷᠠᠯ ᠬᠤᠷᠠᠯᠳᠤᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠢᠶᠠᠨ ᠹᠧᠨ ᠴᠢᠩ ᠬᠤᠷᠠᠯ  ᠢ ᠡᠷᠬᠢᠯᠡᠵᠦ  ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠦ ᠡᠷᠴᠢᠮᠵᠢᠬᠦᠯᠦᠨ ᠠᠰᠢᠭᠯᠠᠵᠤ ᠪᠠᠶᠢᠭ᠎ᠠ ᠪᠠᠶᠢᠳᠠᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠎ ᠶᠢᠨ ᠶᠠᠷᠢᠯᠴᠠᠬᠤ ᠨᠤᠤᠷᠠᠭ ᠤᠨ ᠲᠣᠭᠤᠷᠢᠨ ᠳᠤ ᠰᠠᠨᠠᠯ ᠢᠶᠠᠨ  ᠰᠤᠯᠢᠯᠴᠠᠵᠦ᠂ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠯᠦᠸᠧ ᠹᠠᠩ ᠲᠤᠰᠬᠠᠶᠢᠵᠢᠭᠰᠠᠨ ᠬᠠᠷᠠᠭᠠᠰᠤ ᠠᠴᠠ᠂ ᠮᠡᠳᠡᠭᠦᠯᠦᠯᠲᠡ ᠶᠢᠨ ᠠᠭᠤᠯᠭ᠎ᠠ ᠶᠢᠨ ᠲᠤᠬᠠᠢ ᠴᠢᠭᠯᠡᠬᠦᠯᠦᠯᠳᠤ ᠴᠢᠨᠠᠷᠲᠠᠢ ᠪᠠ ᠠᠵᠢᠯᠯᠠᠭᠠᠨ ᠤ ᠴᠢᠨᠠᠷᠲᠠᠢ ᠰᠠᠨᠠᠯ ᠰᠠᠨᠠᠭᠤᠯᠭ᠎ᠠ  ᠲᠤᠷᠠᠳᠤᠬᠰᠠᠨ ᠪᠠᠶᠢᠨ᠎ᠠ᠃      ᠲᠢᠶᠠᠨ ᠹᠧᠨ ᠴᠢᠩ ᠵᠢᠭᠠᠵᠤ ᠭᠠᠷᠭᠠᠭᠰᠠᠨ ᠨᠢ᠂ ᠲᠤᠰᠬᠠᠶ ᠮᠡᠷᠭᠡᠵᠢᠯᠲᠡᠨ ᠤ ᠰᠠᠨᠠᠯ ᠤᠨ ᠵᠣᠭᠰᠣᠴᠠ ᠥᠨᠳᠥᠷ ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠡᠮᠬᠢᠯᠡᠨ ᠬᠤᠷᠢᠶᠠᠩᠭᠤᠶᠢᠯᠠᠵᠤ᠂ ᠰᠤᠳᠤᠯᠤᠨ ᠰᠢᠩᠭᠡᠭᠡᠵᠦ᠂ ᠪᠠᠶᠢᠴᠠᠭᠠᠨ ᠰᠤᠳᠤᠯᠤᠯᠲᠠ ᠬᠢᠭᠰᠡᠨ ᠮᠡᠳᠡᠭᠦᠯᠦᠯᠲᠡ ᠳᠤ ᠪᠠᠨ ᠬᠦᠢᠴᠡᠳ ᠠᠭᠤᠰᠤᠯᠴᠠᠭᠤᠯᠵᠤ᠂ ᠬᠠᠮᠤᠭ ᠡᠴᠦᠰ ᠲᠤ ᠪᠣᠳᠠᠲᠤ ᠪᠠᠶᠢᠳᠠᠯ ᠳᠤ ᠨᠡᠶᠢᠴᠡᠭᠰᠡᠨ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ  ᠂ ᠦᠨᠳᠦᠷ ᠵᠡᠷᠬᠡ ᠶᠢᠨ ᠴᠢᠨᠠᠷ ᠰᠠᠶᠢᠲᠠᠶ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠭᠠᠷᠭᠠᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠭᠤᠷᠪᠠᠨ ᠱᠠᠲᠤᠨ ᠤ ᠬᠤᠯᠪᠣᠭᠠᠯᠠᠨ ᠬᠢᠨᠠᠯᠲᠠ ᠲᠠᠯᠪᠢᠬᠤ ᠴᠢᠨᠠᠷᠲᠠᠶ ᠵᠥᠪᠳᠡᠯᠴᠡᠭᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠬᠤᠰᠢᠭᠤᠨ ᠤ ᠬᠢᠨ ᠲᠣᠰ ᠱᠠᠲᠤᠨ ᠤ ᠲᠤᠰᠬᠠᠶ ᠰᠡᠳᠦᠪᠲᠦ ᠵᠥᠪᠳᠡᠯᠴᠡᠭᠡ ᠬᠢᠬᠦ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠬᠤᠰᠢᠭᠤᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠪᠠᠷ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠠᠬᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃      ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠵᠥᠪᠯᠡᠯ ᠠᠯᠪᠠᠨ ᠭᠡᠷ ᠤᠨ ᠡᠷᠬᠢᠯᠡᠭᠴᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号