ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ︽ᠬᠤᠷᠢᠳᠤᠭᠠᠷ ᠶᠡᠭᠡ ᠬᠤᠷᠠᠯ ᠢ ᠤᠭᠲᠤᠬᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ︾ ᠶᠠᠷᠢᠯᠴᠠᠭᠠᠨ ᠤ ᠠᠵᠢᠯᠯᠠᠭ᠎ᠠ ᠳᠤ ᠰᠠᠨᠠᠯ ᠬᠤᠷᠢᠶᠠᠬᠤ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/10
     ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ︽ᠬᠤᠷᠢᠳᠤᠭᠠᠷ ᠶᠡᠭᠡ ᠬᠤᠷᠠᠯ ᠢ ᠤᠭᠲᠤᠬᠤ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ︾ ᠶᠠᠷᠢᠯᠴᠠᠭᠠᠨ ᠤ ᠠᠵᠢᠯᠯᠠᠭ᠎ᠠ ᠳᠤ ᠰᠠᠨᠠᠯ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧ ᠰᠢᠶᠠᠩ ᠭᠦᠸᠧ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠴᠧᠨ ᠰᠢᠶᠤᠤ ᠵᠢᠶᠦ᠋ᠨ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠸᠠᠩ ᠷᠦᠢ ᠱᠠᠨ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠤᠸᠠᠢ ᠽᠦ ᠺᠦᠨ ᠬᠤᠷᠠᠯ ᠳᠤ ᠣᠷᠣᠯᠴᠠᠵᠤ ᠣᠪᠣᠷ ᠢᠶᠠᠨ ᠢᠯᠡᠳᠬᠡᠬᠦ ᠦᠭᠡ ᠬᠡᠯᠡᠪᠡ᠃      ᠬᠤᠷᠠᠯ ᠳᠡᠭᠡᠷ᠎ᠡ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠠᠷᠢᠯᠴᠠᠭᠠᠨ ᠤ ᠠᠵᠢᠯᠯᠠᠭ᠎ᠠ ᠶᠢᠨ ᠪᠠᠶᠢᠳᠠᠯ ᠢ ᠮᠡᠳᠡᠭᠳᠡᠪᠡ᠃ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠬᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃      ᠬᠤᠷᠠᠯ ᠠᠴᠠ ᠴᠢᠬᠤᠯᠠᠴᠢᠯᠠᠬᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠦᠢᠯ ᠤᠨ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠲᠠᠨᠢᠵᠤ᠂  ᠶᠠᠷᠢᠯᠴᠠᠭᠠᠨ ᠤ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠨᠢᠭᠡᠨ ᠪᠣᠳᠠᠲᠠᠢ ᠭᠠᠷᠳᠠᠴᠠ ᠪᠠ ᠴᠢᠬᠤᠯᠠ ᠠᠴᠢᠶᠠᠯᠠᠭᠴᠢ ᠪᠣᠯᠭᠠᠵᠤ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠨᠥᠯᠥᠭᠡᠯᠡᠵᠦ ᠪᠠᠶᠢᠭ᠎ᠠ ᠲᠦᠭᠵᠢᠷᠡᠯ ᠡᠮᠵᠡᠭ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠷᠡᠭᠦᠯ ᠢᠶᠠᠷ ᠬᠥᠭᠵᠢᠬᠦ ᠶᠢ ᠪᠦᠬᠦ ᠬᠦᠴᠦ ᠪᠠᠷ ᠢᠶᠠᠨ ᠬᠠᠮᠠᠭᠠᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠬᠤ ᠬᠡᠷᠡᠭᠲᠡᠶ᠃ ᠲᠣᠰ ᠲᠣᠰ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯᠲᠠᠨ ᠪᠠ ᠡᠯ᠎ᠡ ᠠᠵᠢᠯ ᠲᠥᠷᠥᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠡᠵᠡᠮᠰᠢᠨ᠂ ᠲᠣᠰ ᠲᠣᠰ ᠤᠨ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠪᠠ ᠳᠤᠲᠠᠭᠤᠳᠠᠯ ᠪᠠᠭᠤᠷᠠᠶ ᠲᠠᠯ᠎ᠠ ᠪᠠᠨ ᠭᠦᠨᠵᠡᠭᠡᠶ ᠡᠷᠢᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ  ᠵᠦᠢᠯ ᠳᠠᠷᠠᠭᠠᠯᠠᠨ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠴᠠᠭ ᠲᠤᠬᠠᠶ ᠳᠤ ᠨᠢ ᠬᠠᠷᠢᠭᠤ ᠲᠤᠰᠬᠠᠨ᠎ᠠ᠃ ᠥᠪᠡᠷᠮᠢᠴᠡ ᠣᠨᠴᠠᠯᠢᠭ ᠢᠶᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠬᠤ ᠬᠡᠷᠡᠭᠲᠡᠶ᠃ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠳᠤ ᠪᠠᠨ ᠰᠠᠭᠤᠷᠢᠯᠠᠵᠤ᠂ ᠣᠨᠴᠠᠯᠢᠭ ᠲᠠᠢ ᠨᠡᠶᠢᠲᠡᠯᠢᠭ ᠵᠢᠱᠢᠶ᠎ᠡ ᠪᠠᠷ ᠭᠠᠷᠳᠠᠬᠤ ᠴᠡᠭ ᠪᠣᠯᠭᠠᠵᠤ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ ᠃ ᠠᠵᠤ ᠠᠬᠤᠶᠢᠯᠠᠯ ᠳᠤ ᠦᠢᠯᠡᠴᠢᠯᠡᠬᠦ ᠶᠢ ᠲᠦᠷᠢᠮ ᠤᠨ ᠪᠠᠶᠢᠭᠤᠯᠤᠯᠲᠠ ᠶᠢᠨ ᠵᠣᠷᠢᠯᠲᠠ ᠪᠠ ᠵᠣᠭᠰᠣᠴᠠ ᠪᠣᠯᠭᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠎ ᠳᠤ ᠨᠢ ᠣᠶᠢᠯᠠᠭᠠᠵᠤ᠂ ᠲᠥᠷᠥ ᠶᠢᠨ ᠪᠣᠳᠣᠯᠭ᠎ᠠ ᠶᠢᠨ ᠴᠢᠭᠯᠡᠭᠦᠯᠦᠯᠲᠦ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ  ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠦᠨ᠎ᠡ᠃      ᠮᠠᠨ ᠤ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠵᠢᠴᠢ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂  ᠬᠠᠤᠯᠢᠴᠢᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号