ᠮᠠᠨ ᠤ ᠬᠤᠰᠢᠭᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠤᠤᠷ᠎ᠠ ᠣᠷᠣᠯᠭ᠎ᠠ ᠲᠠᠢ ᠡᠮᠡᠭᠲᠡᠶᠢᠴᠦᠳ ᠤᠨ ︽ᠬᠤᠶᠠᠷ ᠥᠮᠡᠨ ᠤ ᠠᠪᠤᠷᠠᠨ ᠲᠤᠰᠠᠯᠠᠯᠲᠠ ᠬᠢᠬᠦ︾ ᠲᠥᠪ ᠤᠨ ᠲᠤᠰᠬᠠᠶ ᠲᠥᠷᠥᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠲᠠᠷᠬᠠᠭᠠᠬᠤ ᠶᠣᠰᠣᠯᠠᠯ ᠵᠢᠴᠢ ᠬᠦᠴᠢᠷᠳᠡᠯ ᠲᠠᠢ ᠡᠬᠡᠴᠤᠤᠯ ᠤᠨ ᠲᠤᠰᠬᠠᠶ ᠲᠥᠷᠥᠯ ᠤᠨ ᠠᠪᠤᠷᠠᠨ ᠲᠤᠰᠠᠯᠠᠬᠤ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2022/10/10
     ᠮᠠᠨ ᠤ ᠬᠤᠰᠢᠭᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠤᠤᠷ᠎ᠠ ᠣᠷᠣᠯᠭ᠎ᠠ ᠲᠠᠢ ᠡᠮᠡᠭᠲᠡᠶᠢᠴᠦᠳ ᠤᠨ ︽ᠬᠤᠶᠠᠷ ᠥᠮᠡᠨ ᠤ ᠠᠪᠤᠷᠠᠨ ᠲᠤᠰᠠᠯᠠᠯᠲᠠ ᠬᠢᠬᠦ︾ ᠲᠥᠪ ᠤᠨ ᠲᠤᠰᠬᠠᠶ ᠲᠥᠷᠥᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ  ᠲᠠᠷᠬᠠᠭᠠᠬᠤ ᠶᠣᠰᠣᠯᠠᠯ ᠵᠢᠴᠢ ᠬᠦᠴᠢᠷᠳᠡᠯ ᠲᠠᠢ ᠡᠬᠡᠴᠤᠤᠯ ᠤᠨ ᠲᠤᠰᠬᠠᠶ ᠲᠥᠷᠥᠯ ᠤᠨ ᠠᠪᠤᠷᠠᠨ ᠲᠤᠰᠠᠯᠠᠬᠤ ᠠᠵᠢᠯᠯᠠᠭ᠎ᠠ ᠡᠷᠭᠢᠯᠡᠪᠡ᠃ ᠬᠤᠲᠠ ᠶᠢᠨ ᠡᠮᠡᠭᠲᠡᠶᠢᠴᠦᠳ ᠤᠨ  ᠬᠤᠯᠪᠤᠭᠠᠳᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠤᠤ ᠴᠢᠶᠣᠤ ᠯᠠᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧ ᠰᠢᠶᠠᠩ ᠭᠦᠸᠧ ᠠᠵᠢᠯᠯᠠᠭ᠎ᠠ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠰᠢᠶᠣᠤ ᠬᠤᠩ ᠠᠵᠢᠯᠯᠠᠭ᠎ᠠ ᠶᠢ ᠡᠷᠭᠢᠯᠡᠪᠡ᠃      ᠠᠵᠢᠯᠯᠠᠭ᠎ᠠ ᠶᠢᠨ ᠳᠤᠮᠳᠠ᠂ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ 2021 ᠣᠨ ᠤ ᠪᠥᠬᠦ ᠬᠤᠰᠢᠭᠤᠨ ᠤ ︽ᠬᠤᠶᠠᠷ ᠥᠮᠡᠨ︾᠎ ᠢ ᠰᠢᠭᠰᠢᠨ ᠪᠠᠶᠢᠴᠠᠭᠠᠬᠤ ᠠᠵᠢᠯ ᠤᠨ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ︽ᠳᠤᠤᠷ᠎ᠠ ᠣᠷᠣᠯᠭ᠎ᠠ ᠲᠠᠢ ᠬᠦᠮᠤᠰ ᠤᠨ ᠬᠤᠶᠠᠷ ᠥᠮᠡᠨ ᠢ ᠠᠪᠤᠷᠠᠨ ᠲᠤᠰᠠᠯᠠᠬᠤ ᠲᠤᠰᠬᠠᠶ ᠲᠦᠷᠤᠯ ᠤᠨ ᠰᠠᠭᠤᠷᠢ ᠮᠥᠩᠭᠦ︾᠂ ︽ᠬᠦᠴᠢᠷᠳᠡᠯ ᠳᠤ ᠲᠤᠯᠭᠠᠷᠠᠭᠰᠠᠨ ᠡᠬᠡᠴᠤᠤᠯ ᠢ ᠠᠪᠤᠷᠠᠨ ᠲᠤᠰᠠᠯᠠᠬᠤ ᠲᠥᠷᠥᠯ ᠵᠤᠶᠢᠯ︾᠎ ᠢ ᠲᠠᠨᠢᠯᠴᠠᠭᠤᠯᠵᠤ᠂ ᠨᠥᠬᠦᠴᠡᠯ ᠳᠤ ᠨᠡᠶᠢᠴᠡᠬᠦ 131 ᠡᠮᠡᠭᠲᠡᠶᠢᠴᠦᠳ ᠲᠤ 40 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠣᠯᠭᠤᠵᠤ᠂ ᠲᠡᠳᠡᠨ ᠢ ᠬᠠᠪᠰᠤᠷᠤᠨ ᠡᠮᠨᠡᠨ ᠵᠠᠰᠠᠬᠤ ᠶᠠᠪᠤᠴᠠ ᠳᠠᠬᠢ ᠠᠮᠢᠳᠤᠷᠠᠯ ᠤᠨ ᠳᠠᠷᠤᠯᠲᠠ ᠶᠢ ᠨᠢ ᠬᠥᠩᠭᠡᠷᠡᠭᠦᠯᠵᠦ᠂ ᠠᠮᠢᠳᠤᠷᠠᠯ ᠤᠨ ᠢᠲᠡᠭᠡᠯ ᠢ ᠨᠢ ᠳᠠᠬᠢᠨ  ᠰᠡᠷᠬᠦᠭᠡᠭᠰᠡᠨ ᠪᠠᠶᠢᠨ᠎ᠠ      ᠣᠶᠢᠷ᠎ᠠ ᠶᠢᠨ ᠵᠢᠯ ᠳᠤ᠂ ᠬᠤᠰᠢᠭᠤᠨ ᠤ ᠡᠮᠡᠭᠲᠡᠶᠢᠴᠦᠳ ᠤᠨ  ᠬᠤᠯᠪᠤᠭᠠᠳᠤ ᠬᠤᠷᠠᠯ ᠤᠨ ︽ᠬᠤᠶᠠᠷ ᠥᠮᠡᠨ︾᠎ ᠤ ᠠᠪᠤᠷᠠᠨ ᠲᠤᠰᠠᠯᠠᠬᠤ ᠲᠥᠷᠥᠯ ᠵᠤᠶᠢᠯ ᠢ ᠢᠳᠡᠪᠬᠢᠲᠡᠶ ᠥᠷᠨᠢᠭᠦᠯᠵᠦ᠂ ᠣᠯᠠᠨ ᠵᠤᠶᠢᠯ ᠤᠨ ᠠᠷᠭ᠎ᠠ ᠬᠡᠯᠪᠡᠷᠢ ᠪᠠᠷ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠥᠬᠦᠴᠡᠯ ᠳᠤ ᠨᠡᠶᠢᠴᠡᠬᠦ ᠡᠪᠡᠳᠴᠢᠨ ᠲᠠᠢ ᠡᠮᠡᠭᠲᠡᠶᠢᠴᠦᠳ ᠢ ᠴᠠᠭ ᠲᠤᠬᠠᠶ ᠳᠤᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠪᠠ᠃ ᠣᠳᠣᠬᠠᠨ ᠪᠣᠯᠲᠠᠯ᠎ᠠ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ︽ᠬᠤᠶᠠᠷ ᠥᠮᠡᠨ ᠤ ᠠᠪᠤᠷᠠᠨ ᠲᠤᠰᠠᠯᠠᠯᠲᠠ ᠬᠢᠬᠦ︾ ᠲᠤᠰᠬᠠᠶ ᠰᠠᠭᠤᠷᠢ ᠮᠥᠩᠭᠦ ᠪᠠ ᠬᠤᠲᠠ᠂ ᠬᠤᠰᠢᠭᠤᠨ ᠤ ᠬᠠᠮᠢᠶ᠎ᠠ ᠪᠥᠬᠦᠶ ᠨᠢᠭᠡᠴᠡ ᠶᠢᠨ ︽ᠬᠦᠴᠢᠷᠳᠡᠯ ᠳᠤ ᠲᠤᠯᠭᠠᠷᠠᠭᠰᠠᠨ ᠡᠬᠡᠴᠤᠤᠯ ᠢ ᠠᠪᠤᠷᠠᠨ ᠲᠤᠰᠠᠯᠠᠬᠤ ᠲᠥᠷᠥᠯ  ᠵᠤᠶᠢᠯ︾᠎ ᠤᠨ ᠠᠪᠤᠷᠠᠨ ᠲᠤᠰᠠᠯᠠᠬᠤ ᠮᠥᠩᠭᠦ ᠶᠢ ᠨᠡᠶᠢᠲᠡ 154 . 2 ᠲᠦᠮᠡᠨ ᠲᠥᠭᠦᠷᠢᠭ ᠣᠯᠵᠤ᠂ ︽ᠬᠤᠶᠠᠷ ᠥᠮᠡᠨ︾᠎ ᠳᠤ ᠨᠡᠷᠪᠡᠭᠳᠡᠭᠰᠡᠨ ᠡᠮᠡᠭᠲᠡᠶᠢᠴᠦᠳ ᠵᠢᠴᠢ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠢ ᠨᠡᠶᠢᠲᠡ 298 ᠬᠥᠮᠦᠨ ︵ᠤᠳᠠᠭ᠎ᠠ︶ ᠠᠪᠤᠷᠠᠨ ᠲᠤᠰᠠᠯᠠᠪᠠ᠃ ᠡᠭᠦᠨ ᠠᠴᠠ ᠭᠠᠳᠠᠨ᠎ᠠ᠂ 2021 ᠣᠨ ᠳᠤ ᠪᠠᠰᠠ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ 8101 ᠨᠦᠬᠦᠴᠡᠯ ᠳᠤ  ᠨᠡᠶᠢᠴᠡᠭᠰᠡᠨ ᠡᠮᠡᠭᠲᠡᠶᠢᠴᠦᠳ ᠲᠤ ᠰᠤᠶᠢᠳᠭᠡᠯ ᠬᠤᠷᠢᠶᠠᠬᠤ ᠥᠬᠡᠶ ᠪᠠᠷ ︽ᠬᠤᠶᠠᠷ ᠥᠮᠡᠨ︾᠎ ᠤ ᠰᠢᠭᠰᠢᠨ ᠪᠠᠶᠢᠴᠠᠭᠠᠯᠲᠠ ᠬᠢᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢ ᠦᠨᠡᠨ ᠬᠦ ᠡᠮᠡᠭᠲᠡᠶᠢᠴᠦᠳ ᠲᠤ ᠬᠦᠷᠭᠡᠵᠦ ᠥᠭᠪᠡ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号