ᠡᠤ ᠶᠦᠨ ᠪᠦᠯᠬᠦᠮ ᠳᠠᠭᠠᠭᠤᠯᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠪᠤᠷ ᠤᠨ ᠤᠯᠠᠷᠢᠯ ᠳᠤ ᠲᠦᠪᠯᠡᠷᠡᠬᠦᠯᠦᠨ ᠠᠵᠢᠯ ᠡᠬᠢᠯᠡᠬᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/10/10
     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂  ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠡᠤ ᠶᠦᠨ ᠪᠦᠯᠬᠦᠮ ᠳᠠᠭᠠᠭᠤᠯᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠪᠤᠷ ᠤᠨ ᠤᠯᠠᠷᠢᠯ ᠳᠤ ᠲᠦᠪᠯᠡᠷᠡᠬᠦᠯᠦᠨ ᠠᠵᠢᠯ ᠡᠬᠢᠯᠡᠬᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃     ᠡᠤ ᠶᠦᠨ ᠤᠷᠢᠳ ᠬᠤᠵᠢᠳ ᠮᠧᠩ ᠰᠤ᠋  ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠭᠦᠸᠧ ᠬᠤᠩ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠱᠠᠩᠬᠠᠶ ᠶᠢᠨ ᠮᠠᠰᠢᠨ ᠲᠡᠷᠭᠡᠨ ᠤ ᠬᠤᠩ ᠶᠠᠨ᠂ ᠶᠤᠸᠠᠨ ᠵᠢᠩ ᠡᠨᠧᠷᠭᠢ᠂ ᠯᠦᠩ ᠵᠢᠶ ᠬᠡᠷᠡᠯ ᠴᠡᠨᠡᠭ᠂ ᠴᠠᠭᠠᠨ ᠦᠳᠦᠳᠦ  ᠢᠳᠡᠰᠢᠨ ᠲᠠᠬᠢᠶ᠎ᠠ᠂ ᠤᠯᠠᠭᠠᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ᠂ ᠮᠧᠩ ᠲᠠᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ  ᠵᠦᠢᠯ ᠳᠤ ᠬᠦᠷᠴᠦ ᠲᠤᠬᠠᠶ ᠶᠢᠨ ᠭᠠᠵᠠᠷ ᠎ ᠲᠤ ᠨᠢ ᠪᠠᠶᠢᠴᠠᠭᠠᠨ ᠰᠤᠳᠤᠯᠤᠯᠲᠠ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠣᠯᠤᠨ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠤᠨ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠶᠤᠯᠭᠦᠶ  ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃      ᠡᠤ ᠶᠦᠨ ᠵᠢᠭᠠᠵᠤ ᠭᠠᠷᠭᠠᠭᠰᠠᠨ ᠨᠢ᠂ ︽ᠬᠤᠶᠠᠷ ᠲᠦᠷᠦᠬᠦᠯᠡᠬᠦ᠂ ᠬᠤᠶᠠᠷ ᠢ ᠳᠠᠪᠠᠭᠤᠯᠬᠤ︾ ᠬᠠᠷᠠᠯᠲᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ︽ᠰᠠᠯᠬᠢ ᠬᠡᠷᠡᠯ ᠤᠰᠤᠲᠥ᠋ᠷᠥᠭᠴᠢ ᠡᠨᠧᠷᠬᠢ ᠬᠠᠳᠠᠭᠠᠯᠠᠬᠤ ᠲᠡᠷᠭᠡ︾ ᠎ ᠶᠢᠨ ᠠᠵᠤ ᠦᠢᠯᠡᠰ ᠤᠨ ᠪᠦᠯᠦᠭᠵᠢᠯ ᠢ ᠬᠦᠴᠦᠯᠡᠨ ᠪᠠᠶᠢᠭᠤᠯᠬᠤ ᠬᠡᠷᠡᠭᠲᠡᠶ᠃ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠪᠠᠷᠢᠯᠭ᠎ᠠ ᠶᠢᠨ ᠰᠢᠵᠢᠷ ᠠᠯᠳᠠᠨ ᠴᠠᠭ ᠢ ᠠᠳᠬᠤᠨ᠂ ᠡᠷᠴᠢ ᠵᠣᠷᠢᠭ ᠢᠶᠠᠨ ᠬᠥᠪᠴᠢᠯᠡᠵᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠴᠢᠩᠭᠠᠳᠬᠠᠵᠤ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠨ᠂ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ︽ᠡᠳᠦᠷ ᠪᠦᠷᠢ ᠬᠠᠷᠢᠭᠤ ᠲᠤᠰᠬᠠᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠡᠯ᠎ᠡ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠰᠠᠨᠠᠭᠠᠴᠢᠯᠠᠭ᠎ᠠ ᠠᠴᠠ ᠪᠠᠨ ᠭᠠᠷᠲᠠᠨ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠤᠯᠤᠭᠠᠶᠢᠯᠠᠵᠦ᠂ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠭᠤᠤᠯᠳᠠᠯᠭ᠎ᠠ ᠲᠠᠢ ᠲᠥᠷᠥᠯ ᠵᠦᠢᠯ ᠢ ᠬᠠᠪᠤᠷ ᠤᠨ ᠤᠯᠠᠷᠢᠯ ᠳᠤ ᠲᠥᠪᠯᠡᠷᠡᠭᠦᠯᠦᠨ ᠠᠵᠢᠯ ᠡᠬᠢᠯᠡᠭᠦᠯᠬᠦ ᠭᠠᠷᠳᠠᠮ  ᠬᠦᠢᠴᠡᠳᠬᠡᠬᠦ ᠵᠢᠴᠢ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠡᠬᠡ ᠲᠠᠩᠰᠠ ᠶᠢ ᠨᠢᠭᠡᠳ ᠨᠢᠭᠡ ᠪᠠᠷ ᠨᠠᠷᠢᠯᠢᠭᠵᠢᠭᠤᠯᠤᠨ ᠡᠮᠬᠢᠯᠡᠵᠦ᠂ ᠡᠳᠦᠷ ᠪᠦᠷᠢ ᠴᠠᠭ ᠲᠤᠬᠠᠶ ᠳᠤ ᠨᠢ ᠣᠨᠣᠪᠴᠢᠲᠠᠶ ᠬᠠᠷᠢᠭᠤ ᠲᠤᠰᠬᠠᠬᠤ ᠬᠡᠷᠡᠭᠲᠡᠶ᠃  ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ᠂ ᠵᠠᠮ ᠳᠠᠭᠠᠤ ᠨᠣᠭᠤᠭᠠᠷᠠᠭᠤᠯᠤᠯᠲᠠ ᠭᠤᠶᠤᠵᠢᠭᠤᠯᠤᠯᠳᠠ᠂ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯ ᠢ ᠵᠡᠷᠭᠡ ᠪᠠᠷ ᠶᠠᠪᠤᠬᠳᠠᠭᠤᠯᠵᠦ᠂ ᠵᠠᠮ ᠳᠠᠭᠠᠤ ᠶᠢᠨ ᠤᠬᠠᠭᠤᠯᠭ᠎ᠠ ᠶᠢᠨ ᠤᠷᠢᠶ᠎ᠠ ᠯᠣᠽᠦ᠋ᠩ᠂ ᠲᠡᠮᠳᠡᠭ ᠫᠠᠶᠢᠰᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠩᠭᠢᠯᠠᠭ᠎ᠠ ᠶᠢᠨ ᠴᠡᠭ ᠪᠣᠯᠤᠨ ᠭᠤᠤᠯᠳᠠᠯᠭ᠎ᠠ ᠲᠠᠢ ᠣᠷᠣᠨ ᠪᠦᠰᠡ ᠳᠤ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠪᠡᠶᠡᠯᠡᠭᠦᠯᠵᠦ᠂ ᠪᠦᠬᠦᠯᠢ ᠴᠣᠭᠴᠠ ᠪᠠᠷ ᠠᠬᠢᠭᠤᠯᠬᠤ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ ᠭᠡᠪᠡ᠃ ᠪᠠᠷᠢᠯᠭ᠎ᠠ ᠶᠢᠨ ᠲᠥᠰᠦᠯ ᠢ ᠰᠢᠯᠢᠳᠡᠭᠵᠢᠭᠦᠯᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠦᠨᠡᠨ ᠬᠦ ᠴᠢᠩᠭᠠᠳᠬᠠᠨ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠲᠡᠭᠦᠯᠳᠡᠷᠵᠢᠭᠦᠯᠵᠦ᠂ ᠢᠵᠢ ᠪᠦᠷᠢᠳᠦᠭᠦᠯᠬᠦ ᠢᠨᠵᠧᠨᠧᠷᠢᠩ ᠪᠣᠯᠤᠨ ᠭᠤᠤᠯᠳᠠᠯᠭ᠎ᠠ ᠲᠠᠢ ᠲᠥᠷᠥᠯ ᠵᠦᠢᠯ ᠢ ᠵᠡᠷᠭᠡ ᠪᠠᠷ ᠬᠡᠷᠡᠭᠵᠢᠭᠦᠯᠬᠦ᠂ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠨᠢᠭᠡᠳᠦᠭᠡᠷ ᠤᠯᠠᠷᠢᠯ ᠤᠨ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠤᠨ ᠡᠯ᠎ᠡ  ᠵᠦᠢᠯ ᠤᠨ ᠪᠡᠯᠡᠳᠬᠡᠯ ᠠᠵᠢᠯ ᠢ ᠥᠨᠳᠥᠷ ᠪᠠᠷᠢᠮᠵᠢᠶ᠎ᠠ᠂ ᠥᠨᠳᠥᠷ ᠦᠷ᠎ᠡ ᠪᠦᠲᠦᠮᠵᠢ᠂ ᠴᠢᠨᠠᠷ ᠰᠠᠶᠢᠲᠠᠶ ᠪᠠᠷ ᠪᠡᠶᠡᠯᠡᠭᠦᠯᠵᠦ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠣᠯᠤᠭᠰᠠᠨ ᠡᠯᠪᠡᠭ ᠦᠷ᠎ᠡ ᠪᠦᠲᠦᠭᠡᠯ ᠢ ᠪᠥᠬᠦ ᠲᠠᠯ᠎ᠠ ᠪᠠᠷ ᠢᠯᠡᠷᠡᠬᠦᠯᠵᠦ᠂  ︽ ᠶᠡᠭᠡ ᠪᠠᠷ ᠬᠢᠵᠦ ᠲᠦᠷᠭᠡᠨ ᠲᠡᠭᠡᠭᠰᠢᠯᠡᠨ ᠲᠥᠷᠥᠯ ᠵᠦᠢᠯ ᠢ ᠠᠳᠬᠤᠬᠤ︾ ᠰᠠᠶᠢᠨ ᠰᠠᠶᠢᠬᠠᠨ ᠠᠭᠤᠷ ᠠᠮᠢᠰᠬᠤᠯ ᠢ  ᠴᠢᠷᠮᠠᠶᠢᠨ ᠪᠣᠶ ᠪᠣᠯᠭᠠᠬᠤ ᠬᠡᠷᠡᠭᠲᠡᠶ ᠭᠡᠪᠡ᠃   ᠦ᠋ ᠶᠦᠨ ᠴᠢᠬᠤᠯᠠᠴᠢᠯᠠᠬᠰᠠᠨ ᠨᠢ᠂ ᠪᠦᠬᠦ ᠤᠯᠤᠰ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ ᠭᠡᠬᠦ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠥᠬᠦᠷᠡᠰᠢ ᠦᠭᠡᠢ ᠰᠠᠶᠢᠲᠤᠷ ᠨᠠᠶᠢᠳᠠᠪᠤᠷᠢᠵᠢᠭᠤᠯᠤᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠳᠠ ᠦᠭᠡᠢ  ᠲᠡᠭᠡᠭᠰᠢᠯᠡᠬᠦᠯᠦᠨ ᠂ ᠬᠠᠪᠤᠷ ᠤᠨ ᠤᠯᠠᠷᠢᠯ ᠳᠤ ᠲᠥᠪᠯᠡᠷᠡᠭᠦᠯᠦᠨ ᠠᠵᠢᠯ ᠡᠬᠢᠯᠡᠭᠦᠯᠬᠦ ᠲᠦᠷᠦᠯ ᠵᠦᠢᠯ ᠤᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃  ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠦᠷᠭᠦᠯᠵᠢᠯᠡᠨ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ  ᠬᠡᠰᠡᠨ ᠪᠠᠶᠢᠨ᠎ᠠ᠃     ᠮᠸᠡᠭ ᠰᠤ᠋ ᠠᠵᠤ ᠠᠬᠤᠢ ᠶᠢᠨ ᠨᠡᠭᠡᠭᠡᠯᠲᠡ ᠶᠢᠨ ᠲᠤᠭᠤᠷᠢᠭ᠂  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ  ᠬᠤᠯᠪᠤᠬᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                        
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号