ᠡᠤ ᠶᠦᠨ ᠵᠠᠬᠢᠳᠠᠯ ᠰᠤᠷᠪᠤᠯᠵᠢᠯᠠᠭ᠎ᠠ ᠬᠢᠭᠰᠡᠨ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2022/10/10
     ᠤᠶᠢᠷ᠎ᠠ ᠳᠤ᠂  ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠡᠤ ᠶᠦᠨ ᠵᠠᠬᠢᠳᠠᠯ ᠰᠤᠷᠪᠤᠯᠵᠢᠯᠠᠭ᠎ᠠ ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠠᠭᠤᠷᠬᠠᠶ ᠶᠢᠨ ᠣᠷᠣᠨ ᠤ ᠠᠷᠠᠳ ᠢ ᠨᠡᠭᠦᠯᠭᠡᠬᠦ ᠳᠤ ᠨᠥᠬᠦᠪᠥᠷᠢ ᠥᠭᠴᠦ ᠲᠥᠪᠬᠢᠨᠡᠭᠦᠯᠬᠦ ᠬᠤᠯᠪᠣᠭᠳᠠᠯ ᠪᠥᠬᠦᠶ ᠵᠠᠬᠢᠳᠠᠯ  ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ  ᠰᠢᠢᠳᠪᠦᠷᠢᠯᠡᠪᠡ᠃      ᠡᠤ ᠶᠦᠨ ᠬᠡᠯᠡᠭᠰᠡᠨ ᠨᠢ᠂ ᠡᠯ᠎ᠡ ᠬᠤᠯᠪᠣᠭᠳᠠᠯ ᠪᠥᠬᠦᠶ ᠪᠠᠯᠭᠠᠰᠤ᠂ ᠰᠠᠯᠠᠭ᠎ᠠ ᠮᠥᠴᠢᠷ ᠠᠵᠤ ᠠᠬᠤᠶ ᠨᠡᠶᠢᠭᠡᠮ ᠤᠨ ᠬᠥᠭᠵᠢᠯᠲᠡ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠠᠷᠠᠳ ᠣᠯᠠᠨ ᠤ ᠬᠠᠤᠯᠢ ᠶᠣᠰᠣᠨ ᠤ ᠵᠦᠶ ᠵᠣᠬᠢᠰᠲᠠᠶ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠬᠦᠢᠴᠡᠳ ᠪᠠᠲᠤᠯᠠᠵᠤ᠂ ᠲᠥᠷᠥ ᠶᠢᠨ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ ᠶᠠᠪᠤᠴᠠ ᠳᠤ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠦᠢᠴᠡᠳ ᠬᠤᠷᠢᠶᠠᠵᠤ᠂ ᠣᠷᠣᠰᠢᠵᠤ ᠪᠠᠶᠢᠭ᠎ᠠ ᠵᠥᠷᠢᠴᠡᠯ ᠵᠢᠭᠤᠷᠠᠯᠳᠤᠭᠠᠨ ᠢ ᠦᠨᠡᠨ ᠢ ᠪᠠᠷᠢᠮᠲᠠᠯᠠᠨ ᠰᠢᠢᠳᠪᠦᠷᠢᠯᠡᠵᠦ᠂ ᠠᠳᠠᠯᠢ ᠪᠤᠰᠤ ᠪᠠᠶᠢᠳᠠᠯ ᠳᠤᠤᠷᠠᠬᠢ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠬᠡᠷᠡᠭᠵᠢᠭᠦᠯᠬᠦ ᠠᠰᠠᠭᠤᠳᠠᠯ ᠢ ᠲᠥᠪ ᠭᠤᠤᠯᠴᠢ ᠪᠠᠷ ᠰᠠᠶᠢᠲᠤᠷ ᠰᠢᠢᠳᠪᠦᠷᠢᠯᠡᠬᠦ ᠬᠡᠷᠡᠭᠲᠡᠶ᠃ ᠭᠦᠢᠴᠡᠳ ᠨᠤᠲᠠᠯᠠᠯᠲᠠ ᠬᠢᠵᠦ᠂ ᠠᠯᠬᠤᠮ ᠲᠠᠷᠠᠭ᠎ᠠ ᠲᠠᠢ ᠪᠠᠷ ᠬᠠᠮᠲᠤ ᠶᠢᠨ ᠲᠠᠨᠢᠯᠲᠠ ᠲᠠᠢ ᠪᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃      ᠬᠤᠰᠢᠭᠤ ᠳᠡᠳ᠋ ᠳᠠᠷᠤᠭ᠎ᠠ ᠯᠢ ᠬᠦᠶ ᠵᠢᠴᠢ ᠬᠤᠯᠪᠤᠬᠳᠠᠯ ᠪᠥᠬᠦᠶ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠵᠠᠬᠢᠳᠠᠯ ᠰᠤᠷᠪᠤᠯᠵᠢᠯᠠᠭ᠎ᠠ ᠬᠦᠯᠢᠶᠡᠬᠦ ᠠᠵᠢᠯᠯᠠᠭ᠎ᠠ ᠳᠤ ᠣᠷᠣᠯᠴᠠᠪᠠ᠃        
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号