57 ᠨᠤᠳᠤᠭ ᠤᠨ ᠤᠳᠬ᠎ᠠ ᠤᠷᠠᠯᠢᠭ ᠤᠨ ᠵᠤᠬᠢᠶᠠᠯᠴᠢ ᠶᠢᠨ ᠵᠠᠭᠤᠨ ᠪᠦᠲᠦᠭᠡᠯ ᠨᠢ ᠡᠵᠡᠨ ᠬᠤᠷᠤᠭ᠎ᠠ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠣᠯᠠᠨ ᠲᠦᠮᠡᠨ ᠤ ᠤᠳᠬ᠎ᠠ ᠤᠷᠠᠯᠢᠭ ᠤᠨ ᠵᠠᠭᠤᠨ ᠪᠦᠲᠦᠭᠡᠯ ᠤᠨ ᠲᠡᠭᠦᠪᠦᠷᠢ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2022/10/10
     2021 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ  ᠪᠡᠯᠭᠡᠯᠡᠵᠦ᠂ ᠡᠯ᠎ᠡ ᠲᠦᠷᠦᠯ ᠤᠨ ᠤᠳᠬ᠎ᠠ ᠤᠷᠠᠯᠢᠭ ᠤᠨ ᠵᠣᠬᠢᠶᠠᠭᠴᠢᠳ ᠤᠨ ᠤᠯᠠᠨ ᠲᠦᠮᠡᠨ ᠤ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠶᠢ ᠵᠤᠷᠢᠬᠵᠢᠭᠤᠯᠤᠨ᠂ ᠤᠯᠠᠨ ᠲᠦᠮᠡᠨ ᠤ ᠤᠳᠬ᠎ᠠ ᠤᠷᠠᠯᠢᠭ ᠤᠨ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠤᠪᠴᠢᠶ᠎ᠠ ᠨᠡᠶᠢᠭᠡᠮ ᠨᠡᠶᠢᠲᠡ ᠳᠤ ︽ ᠡᠪ ᠬᠠᠮᠳᠤ ᠨᠠᠮ ᠲᠠᠢ ᠪᠠᠨ ᠰᠡᠳᠬᠢᠯ ᠵᠢᠷᠦᠭᠡ ᠪᠠᠨ ᠬᠤᠯᠪᠤᠵᠦ ᠪᠠᠳᠠᠷᠠᠨ ᠳᠡᠯᠭᠡᠷᠡᠬᠦ︾  ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠠᠭᠤᠨ ᠤᠳᠬ᠎ᠠ ᠤᠷᠠᠯᠢᠭ ᠤᠨ ᠪᠦᠲᠦᠭᠡᠯ ᠡᠯᠰᠡᠬᠦ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭᠠᠨ ᠳᠤ ᠤᠷᠤᠯᠴᠠᠬᠤ ᠪᠦᠳᠤᠭᠡᠯ ᠨᠢ ᠡᠵᠡᠨ ᠬᠤᠷᠤᠭ᠎ᠠ ᠬᠤᠰᠢᠭᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠪᠠᠷ ᠭᠤᠤᠯ ᠰᠡᠳᠦᠪ ᠪᠤᠯᠭᠠᠭᠰᠠᠨ᠂ ᠳᠤᠮᠳᠠᠳᠤ ᠤᠯᠤᠰ ᠤᠨ ᠡᠪ ᠬᠠᠮᠲᠤ ᠨᠠᠮ᠂ ᠠᠭᠤᠤ ᠶᠡᠭᠡ ᠡᠬᠡ ᠤᠯᠤᠰ᠂ ᠦᠵᠡᠰᠬᠦᠯᠡᠩᠲᠦ ᠰᠠᠶᠢᠬᠠᠨ ᠨᠤᠲᠤᠭ ᠡᠵᠡᠨ ᠬᠤᠷᠤᠭ᠎ᠠ ᠢᠶᠠᠨ ᠮᠠᠭᠲᠠᠨ ᠲᠠᠭᠤᠯᠠᠭᠰᠠᠨ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ  ᠪᠠᠳᠠᠷᠠᠭᠤᠯᠤᠨ᠂ ᠨᠡᠶᠢᠭᠡᠮ ᠤᠨ ᠢᠳᠡᠪᠬᠢ ᠬᠦᠴᠦᠨ ᠢ ᠤᠯᠠᠮᠵᠢᠯᠠᠨ ᠲᠡᠯᠭᠡᠷᠡᠬᠦᠯᠦᠭᠰᠡᠨ  ᠂ ᠰᠢᠨ᠎ᠡ ᠰᠡᠪᠡᠭᠦᠨ ᠤᠳᠬ᠎ᠠ ᠰᠠᠨᠠᠭ᠎ᠠ ᠲᠠᠢ᠂ ᠰᠡᠳᠦᠪ ᠨᠢ ᠥᠪᠡᠷᠮᠢᠴᠡ ᠤᠨᠴᠠᠯᠢᠭ ᠲᠠᠢ᠂ ᠴᠠᠭ ᠦᠶ᠎ᠡ ᠶᠢᠨ ᠣᠨᠴᠠᠯᠢᠭ ᠲᠠᠢ᠂ ᠢᠳᠡᠪᠬᠢᠲᠡᠶ ᠥᠭᠡᠳᠡᠷᠬᠡᠭ ᠠᠭᠤᠯᠭ᠎ᠠ ᠲᠠᠢ᠂ ᠪᠣᠳᠠᠲᠤ ᠪᠠᠶᠢᠳᠠᠯ ᠲᠠᠢ ᠣᠶᠢᠷᠠᠲᠤᠵᠤ᠂ ᠣᠯᠠᠨ ᠲᠦᠮᠡᠨ ᠲᠠᠢ  ᠤᠶᠢᠷᠠᠳᠤᠭᠰᠠᠨ ᠪᠦᠲᠦᠭᠡᠯ ᠪᠠᠶᠢᠬᠤ ᠬᠡᠷᠡᠭᠲᠡᠶ᠃      ᠪᠦᠲᠦᠭᠡᠯ ᠡᠯᠰᠡᠬᠦ ᠠᠵᠢᠯ ᠬᠠᠭᠠᠰ ᠵᠢᠯ ᠶᠠᠪᠤᠭᠳᠠᠵᠤ᠂ ᠨᠡᠶᠢᠲᠡ 243 ᠤᠳᠬ᠎ᠠ ᠤᠷᠠᠯᠢᠭ ᠤᠨ ᠪᠦᠲᠦᠭᠡᠯ  ᠡᠯᠰᠡᠵᠦ  ᠂ ᠬᠢᠷᠢ ᠬᠡᠮ᠂ ᠲᠤᠰᠬᠠᠶ ᠮᠡᠷᠭᠡᠵᠢᠯ ᠢᠶᠠᠷ ᠦᠨᠳᠤᠷ ᠭᠤᠷᠪᠠᠨ ᠪᠠᠭᠰᠢ ᠶᠢ ᠤᠷᠢᠵᠤ ᠪᠦᠲᠦᠭᠡᠯ ᠢ ᠰᠢᠯᠭᠠᠷᠠᠭᠤᠯᠪᠠ᠃ ᠬᠤᠶᠠᠷ ᠡᠭᠡᠯᠵᠢ ᠶᠢᠨ  ᠰᠢᠯᠭᠠᠷᠠᠭᠤᠯᠤᠯᠳᠠ ᠪᠠᠷ ᠳᠡᠮᠵᠢᠨ᠂ ᠡᠴᠦᠰ ᠲᠤ ᠪᠠᠨ ᠨᠤᠳᠤᠭ ᠤᠨ 57 ᠤᠳᠬ᠎ᠠ ᠤᠷᠠᠯᠢᠭ ᠤᠨ ᠵᠤᠬᠢᠶᠠᠯᠴᠢ ᠶᠢᠨ ᠵᠠᠭᠤᠨ ᠤᠳᠬ᠎ᠠ ᠤᠷᠠᠯᠢᠭ ᠤᠨ ᠪᠦᠲᠦᠭᠡᠯ ᠨᠢ ᠲᠡᠭᠦᠪᠦᠷᠢ ᠳᠤ ᠰᠣᠩᠭᠤᠭᠳᠠᠵᠠᠶ᠃      ᠣᠳᠣᠬᠠᠨ ᠳᠤ  ᠂ ᠢᠷᠠᠭᠤ ᠠᠯᠳᠠᠷ ᠤᠨ ᠦᠨᠡᠮᠯᠡᠯ ᠵᠢᠴᠢ ᠳᠤᠷᠠᠰᠬᠠᠯ ᠤᠨ ᠪᠣᠳᠠᠰ ᠢ ᠨᠢᠭᠡᠨᠲᠡ ᠲᠠᠷᠬᠠᠭᠠᠨ ᠳᠠᠭᠤᠰᠬᠠᠵᠤ᠂ ᠤᠳᠬ᠎ᠠ ᠤᠷᠠᠯᠢᠭ ᠤᠨ ᠪᠦᠲᠦᠭᠡᠯ ᠤᠨ ᠡᠮᠬᠢᠳᠬᠡᠯ ᠦᠢᠯᠡᠳᠬᠦ ᠪᠠ ᠤᠳᠬ᠎ᠠ ᠤᠷᠠᠯᠢᠭ ᠤᠨ ᠪᠦᠲᠦᠭᠡᠯ ᠤᠨ ᠸᠢᠳᠢᠣ᠋ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠶᠠᠭ ᠬᠢᠵᠦ ᠪᠠᠶᠢᠨ᠎ᠠ᠃ ᠲᠤᠬᠠᠶ ᠶᠢᠨ ᠦᠶ᠎ᠡ ᠳᠤ᠂ ᠪᠦᠲᠦᠭᠡᠯ ᠤᠨ ᠨᠠᠷᠢᠨ ᠠᠭᠤᠯᠭ᠎ᠠ ᠵᠢᠴᠢ ᠸᠢᠳᠢᠣ᠋ ᠮᠠᠲ᠋ᠧᠷᠢᠶᠠᠯ ᠎ ᠢ ᠡᠵᠡᠨ ᠬᠤᠷᠤᠭ᠎ᠠ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠸᠢᠴᠠᠲ ᠤᠨ ᠤᠯᠠᠨ ᠨᠡᠶᠢᠲᠡ ᠶᠢᠨ ᠲᠠᠪᠴᠠᠩ ᠲᠡᠭᠡᠷ᠎ᠡ  ᠲᠠᠯᠪᠢᠵᠦ᠂ ᠥᠷᠭᠡᠨ ᠣᠯᠠᠨ ᠤᠳᠬ᠎ᠠ ᠤᠷᠠᠯᠢᠭ ᠤᠨ ᠪᠠᠭ᠋ᠠᠳᠠᠨ ᠵᠢᠴᠢ ᠣᠯᠠᠨ ᠲᠦᠮᠡᠨ ᠤ ᠤᠳᠬ᠎ᠠ ᠤᠷᠠᠯᠢᠭ ᠤᠨ ᠪᠦᠯᠬᠦᠮ ᠤᠨ ᠰᠣᠯᠢᠯᠴᠠᠨ ᠰᠤᠷᠤᠯᠴᠠᠬᠤ ᠳᠤ ᠨᠦᠬᠦᠴᠡᠯ ᠬᠠᠩᠭᠠᠨ᠎ᠠ᠃            
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号