| ᠤᠶᠢᠷ᠎ᠠ ᠶᠢᠨ ᠡᠳᠦᠷ᠂ 2022 ᠣᠨ ᠤ ︽ᠳᠤᠮᠳᠠᠳᠤ ᠶᠢᠨ ᠰᠠᠶᠢᠬᠠᠨ ᠤᠷᠤᠨ ᠢᠶᠠᠷ ᠠᠶᠠᠯᠠᠬᠤ— ᠰᠠᠶᠢᠨᠨᠤ᠂ | ᠥᠪᠥᠷ ᠮᠣᠩᠭᠤᠯ︾ ᠰᠦᠯᠵᠢᠶᠡᠨ ᠤ ᠣᠯᠠᠨ ᠤᠯᠤᠰ ᠤᠨ ᠳᠠᠮᠵᠢᠭᠤᠯᠭ᠎ᠠ ᠶᠢᠨ ᠠᠵᠢᠯᠯᠠᠭ᠎ᠠ ᠮᠠᠨ ᠤ ᠬᠤᠰᠢᠭᠤᠨ ᠳᠤ | ᠶᠠᠪᠤᠭᠳᠠᠪᠠ᠃ | ᠠᠵᠢᠯᠯᠠᠭᠠᠨ ᠳᠤ᠂ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠪᠠᠷ | ᠪᠦᠷᠢᠯᠳᠦᠭᠰᠡᠨ ᠵᠠᠭᠤᠴᠢᠯᠠᠭᠤᠷ ᠤᠨ ᠰᠤᠷᠪᠤᠯᠵᠢᠯᠠᠬᠤ ᠪᠦᠯᠬᠦᠮ ᠶᠤᠸᠠᠨ ᠵᠢᠩ ᠣᠲᠣ ᠦᠶ᠎ᠡ ᠶᠢᠨ ᠡᠨᠧᠷᠭᠢ ᠶᠢᠨ | ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠪᠠ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠶᠤᠸᠠᠨ ᠵᠢᠩ ᠬᠥᠳᠡᠯᠭᠡᠬᠦ ᠬᠦᠴᠦᠨ ᠤ | ᠳ᠋ᠢᠶᠠᠨ ᡂᠢ ᠦᠢᠯᠡᠳᠬᠦ ᠡᠨᠧᠷᠭᠢ ᠨᠦᠭᠡᠴᠡᠯᠡᠬᠦ ᠮᠡᠷᠭᠡᠵᠢᠯ ᠢ ᠰᠤᠷᠪᠤᠯᠵᠢᠯᠠᠨ ᠪᠡᠶᠡᠴᠢᠯᠡᠨ ᠣᠶᠢᠯᠠᠭᠠᠬᠤ ᠶᠢᠨ ᠬᠠᠮᠲᠤ | ᠮᠠᠨ ᠤ ᠬᠤᠰᠢᠭᠤᠨ ᠤ ᠬᠥᠭᠵᠢᠯᠲᠡ ᠬᠤᠪᠢᠷᠠᠯᠲᠠ ᠶᠢ ᠮᠠᠭᠲᠠᠨ ᠰᠠᠶᠢᠰᠢᠶᠠᠪᠠ᠃ | ᠲᠣᠰ ᠤᠳᠠᠭᠠᠨ ᠤ ᠠᠵᠢᠯᠯᠠᠭ᠎ᠠ ᠶᠢ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠣᠯᠠᠨ | ᠤᠯᠤᠰ ᠤᠨ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠬᠠᠮᠲᠤᠷᠠᠨ ᠡᠷᠬᠢᠯᠡᠵᠦ᠂ ᠬᠢᠶ᠎ᠠ ᠪᠠᠭᠰᠢ᠂ ᠡᠵᠡᠨ ᠬᠤᠷᠤᠭ᠎ᠠ | ᠬᠤᠰᠢᠭᠤ᠂ ᠳ᠋ᠦᠩᠱᠧᠩ ᠵᠡᠷᠭᠡ ᠭᠠᠵᠠᠷ ᠲᠤ 7 ᠡᠳᠦᠷ ᠤᠨ ᠬᠤᠭᠤᠴᠠᠭ᠎ᠠ ᠲᠠᠢ ᠰᠤᠷᠪᠤᠯᠵᠢᠯᠠᠭ᠎ᠠ ᠬᠢᠨ᠎ᠠ᠃ | ᠵᠠᠭᠤᠴᠢᠯᠠᠭᠤᠷ ᠤᠨ ᠰᠤᠷᠪᠤᠯᠵᠢᠯᠠᠭᠴᠢ ᠪᠣᠯᠤᠨ ᠭᠠᠳᠠᠭᠠᠳᠤ ᠶᠢᠨ ᠰᠦᠯᠵᠢᠶᠡᠨ ᠤ ᠤᠳᠤᠳ ᠤᠨ ︽ᠶᠠᠪᠤᠬᠤ ᠶᠢᠨ | ᠳᠠᠭᠠᠤ ᠦᠵᠡᠵᠦ᠂ ᠦᠯᠢᠭᠡᠷ ᠶᠠᠷᠢᠬᠤ︾ ᠬᠡᠯᠪᠡᠷᠢ ᠪᠠᠷ ᠤᠯᠠᠨ ᠬᠠᠷᠠᠭᠠᠰᠤ ᠠᠴᠠ ᠳᠡᠯᠡᠬᠡᠢ ᠨᠡᠶᠢᠳᠡ ᠳᠤ ︽ | ᠬᠦᠴᠦᠷᠭᠡᠭ ᠤᠷᠳᠤᠰ᠂ ᠠᠮᠢᠵᠢᠷᠠᠯ ᠪᠢᠯᠬᠠᠬᠰᠠᠨ ᠤᠷᠳᠤᠰ᠂ ᠨᠤᠮᠢᠨ ᠲᠠᠩᠰᠤᠭ ᠤᠷᠳᠤᠰ᠂ ᠣᠷᠣᠰᠢᠨ | ᠰᠠᠭᠤᠷᠢᠰᠢᠬᠤ ᠳᠤ ᠲᠣᠬᠢᠷᠠᠮᠵᠢᠲᠠᠢ ᠤᠷᠳᠤᠰ᠂ ᠵᠣᠯ ᠵᠢᠷᠭᠠᠯᠲᠤ ᠤᠷᠳᠤᠰ︾ ᠤᠨ ᠭᠤᠶᠢᠳᠠ ᠰᠠᠶᠢᠬᠠᠨ ᠳᠦᠷᠰᠦ ᠶᠢ | ᠢᠯᠡᠷᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠦᠯᠵᠢᠶᠡᠨ ᠨᠠᠶᠢᠵᠠ ᠨᠠᠷ ᠲᠤ ᠥᠪᠥᠷ ᠮᠣᠩᠭᠤᠯ ᠤᠨ | ᠠᠵᠤ ᠠᠬᠤᠢ ᠶᠢᠨ ᠬᠥᠭᠵᠢᠯᠲᠡ᠂ ᠰᠣᠶᠣᠯ ᠤᠨ ᠴᠡᠴᠡᠭᠯᠡᠯ᠂ ᠠᠮᠢ ᠠᠬᠤᠢ ᠶᠢᠨ ᠭᠤᠶᠢᠳᠠ ᠰᠠᠶᠢᠬᠠᠨ᠂ ᠠᠷᠠᠳ | ᠲᠦᠮᠡᠨ ᠤ ᠠᠮᠤᠷ ᠲᠠᠶᠢᠪᠤᠡᠭ ᠠᠵᠤ ᠲᠦᠷᠦᠭᠦ ᠥᠪᠡᠷᠮᠢᠴᠡ ᠷᠢᠳᠢ ᠰᠢᠳᠢ ᠶᠢ ᠲᠠᠨᠢᠭᠤᠯᠵᠤ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠳᠡᠯᠭᠡᠨ | ᠦᠵᠡᠬᠦᠯᠬᠦ ᠪᠠᠷ ᠪᠠᠶᠢᠨ᠎ᠠ᠃ | | | | | | | | |