| ᠤᠶᠢᠷ᠎ᠠ ᠳᠤ᠂ ᠬᠤᠰᠢᠭᠤᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ | ᠳᠠᠭᠠᠭᠠᠴᠢᠯᠠᠨ ᠬᠤᠯᠪᠤᠭᠠᠯᠠᠬᠤ ᠠᠯᠪᠠᠨ ᠭᠡᠷ ᠠᠴᠠ ᠭᠤᠤᠯᠯᠠᠨ ᠡᠷᠬᠢᠯᠡᠭᠰᠡᠨ ᠪᠥᠬᠦ ᠬᠤᠰᠢᠭᠤᠨ ᠤ ᠨᠢᠭᠡᠳᠦᠭᠡᠷ ᠱᠦᠵᠢ | ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ | ᠲᠤᠰᠠᠯᠠᠬᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠤᠰᠬᠠᠶ ᠰᠡᠳᠦᠪᠲᠦ ᠪᠣᠯᠪᠠᠰᠤᠷᠠᠯ ᠶᠠᠪᠤᠬᠳᠠᠵᠦ᠂ 200 ᠭᠠᠷᠤᠶ | ᠬᠥᠮᠦᠨ ᠤᠷᠤᠯᠴᠠᠬᠰᠠᠨ ᠪᠠᠶᠢᠨ᠎ᠠ᠃ | ᠭᠤᠷᠪᠠᠨ ᠡᠳᠦᠷ ᠤᠨ ᠬᠤᠭᠤᠴᠠᠭ᠎ᠠ ᠲᠠᠢ ᠪᠤᠯᠪᠠᠰᠤᠷᠠᠯ ᠳᠤ᠂ ᠡᠯᠧᠺᠲᠷᠣᠨ ᠬᠤᠳᠠᠯᠳᠤᠭᠠᠨ ᠤ ᠬᠦᠷᠢᠶᠡᠨ ᠳᠠᠬᠢ | ᠨᠠᠷᠠᠲᠤ ᠯᠧᠺᠲ᠋ᠣᠷ ᠵᠠᠩ ᠬᠠᠶ ᠴᠢᠩ ᠡᠯᠧᠺᠲᠷᠣᠨ ᠬᠤᠳᠠᠯᠳᠤᠭᠠᠨ ᠤ ᠰᠠᠭᠤᠷᠢ ᠮᠡᠳᠡᠯᠭᠡ᠂ ᠣᠬᠤᠷ ᠸᠢᠳᠢᠣ᠋ ᠰᠢᠩᠬᠡᠬᠡᠨ | ᠦᠢᠯᠡᠳᠬᠦ ᠤᠷ᠎ᠠ ᠮᠡᠷᠭᠡᠵᠢᠯ᠂ ᠰᠦᠯᠵᠢᠶᠡᠨ ᠤ ᠲᠠᠪᠴᠠᠩ ᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠬᠤ | ᠵᠡᠷᠭᠡ ᠬᠠᠮᠢᠶ᠎ᠠ ᠪᠥᠬᠦᠶ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠣᠯᠠᠨ ᠢ ᠬᠥᠲᠥᠯᠦᠨ ᠵᠢᠯᠣᠭᠤᠳᠴᠤ | ᠪᠠᠶᠢᠭᠠᠳ ᠲᠣᠰ ᠭᠠᠵᠠᠷ ᠤᠨ ᠣᠨᠴᠠᠯᠢᠭᠲᠤ ᠦᠢᠯᠡᠳᠬᠦᠨ ᠤ ᠳᠠᠪᠠᠭᠤᠯᠢᠭ ᠢ ᠰᠠᠶᠢᠲᠤᠷ ᠠᠰᠢᠭᠯᠠᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠬᠢᠭᠡᠳ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠤᠨ᠂ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ | ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠳᠠᠭᠠᠭᠤᠯᠤᠨ | ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠪᠠᠶᠢᠨ᠎ᠠ᠃ | | | | | | | | | |