| ᠤᠶᠢᠷ᠎ᠠ ᠳᠤ᠂ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ | ᠬᠤᠷᠠᠯ ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ ᠮᠡᠨᠳᠤᠪᠠᠶᠠᠷ᠂ ᠳ᠋ᠠᠩ ᠹᠦ᠋ ᠮᠢᠨ᠂ ᠯᠢᠦ ᠰᠢᠶᠣᠤ ᠳ᠋ᠦᠩ | ᠬᠤᠷᠠᠯ ᠳᠤ ᠤᠷᠤᠯᠴᠠᠵᠦ᠂ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ | ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠢ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠪᠡᠯᠡᠳᠬᠡᠯᠠᠵᠢᠯ ᠤᠨ ᠪᠠᠶᠢᠳᠠᠯ ᠪᠣᠯᠤᠨ ᠦᠶᠡᠷ ᠤᠨ ᠬᠤᠭᠤᠴᠠᠭᠠᠨ ᠤ ᠴᠠᠭ ᠠᠭᠤᠷ ᠤᠨ ᠪᠠᠶᠢᠳᠠᠯ ᠢ ᠮᠡᠳᠡᠭᠳᠡᠵᠦ᠂ | ᠭᠠᠩ ᠬᠠᠭᠰᠠᠷᠠᠭᠠᠨ ᠲᠠᠢ ᠲᠡᠮᠡᠴᠡᠬᠦ IV ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠬᠡᠷᠡᠭᠵᠢᠬᠦᠯᠦᠨ | ᠡᠬᠢᠯᠡᠬᠦᠯᠵᠦ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃ | ᠬᠤᠷᠠᠯ ᠠᠴᠠ ᠵᠢᠭᠠᠵᠦ ᠭᠠᠷᠭᠠᠬᠰᠠᠨ ᠨᠢ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ | ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠭᠤᠤᠯᠳᠠᠯᠭ᠎ᠠ ᠲᠠᠢ ᠭᠤᠤᠯ ᠤᠨ ᠵᠠᠮ᠂ ᠠᠭᠤᠯᠠ ᠶᠢᠨ ᠦᠶᠡᠷ ᠤᠨ | ᠭᠤᠤ᠂ ᠬᠤᠲᠠ ᠪᠠᠯᠭᠠᠰᠤ ᠪᠣᠯᠤᠨ ᠦᠢᠯᠡᠳᠪᠦᠷᠢ ᠠᠭᠤᠷᠬᠠᠶ ᠠᠵᠤ ᠠᠬᠤᠶᠢᠯᠠᠯ ᠤᠨ ᠦᠶᠡᠷ ᠢ ᠰᠡᠷᠭᠡᠶᠢᠯᠡᠬᠦ ᠠᠵᠢᠯ ᠢ | ᠪᠥᠬᠦ ᠲᠠᠯ᠎ᠠ ᠪᠠᠷ ᠴᠢᠩᠭᠠᠳᠬᠠᠵᠤ᠂ ᠤᠰᠤᠨ ᠴᠥᠭᠦᠷᠥᠮ ᠪᠣᠯᠤᠨ ᠨᠦᠯᠦᠮᠡᠯ ᠭᠠᠵᠠᠷ ᠤᠨ ᠬᠠᠰᠢᠯᠭ᠎ᠠ ᠶᠢᠨ ᠦᠶᠡᠷ ᠢ | ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠬᠤᠶᠠᠷ ᠲᠠᠯ᠎ᠠ ᠪᠠᠷ ᠠᠳᠬᠤᠬᠤ ᠦᠵᠡᠯ ᠰᠠᠨᠠᠭ᠎ᠠ ᠶᠢ ᠪᠠᠲᠤ ᠪᠣᠶ ᠪᠣᠯᠭᠠᠨ᠂ ᠭᠠᠩ | ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ᠃ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠢ᠃ | ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠴᠠᠭ ᠲᠤᠬᠠᠢ ᠳᠤ ᠨᠢ | ᠮᠡᠳᠡᠬᠦᠯᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠦᠨᠡᠨ ᠬᠦ | ᠰᠠᠶᠢᠲᠤᠷ ᠬᠢᠬᠦ ᠬᠡᠷᠡᠭᠲᠡᠢ ᠬᠡᠰᠡᠨ ᠪᠠᠶᠢᠨ᠎ᠠ᠃ | | |