ᠡᠵᠡᠨ ᠬᠤᠷᠤᠭ᠎ᠠ ᠬᠤᠰᠢᠭᠤᠨ ᠤ 2022 ᠤᠨ ᠤ ᠠᠩᠬᠠᠨ ᠤ ᠪᠦᠯᠦᠭ ᠨᠡᠶᠢᠲᠡ ᠶᠢᠨ ᠲᠦᠷᠢᠶᠡᠰᠦᠨ ᠬᠡᠷ ᠤᠨ ᠲᠤᠬᠠᠶ ᠶᠢᠨ ᠲᠠᠯᠠᠪᠠᠶ ᠳᠤ ᠨᠣᠮᠧᠷ ᠰᠤᠭᠤᠯᠵᠤ 29 ᠬᠡᠷ ᠪᠦᠯᠢ ︽ᠠᠮᠤᠭᠤᠯᠠᠩ ᠰᠠᠭᠤᠷᠢᠰᠢᠬᠤ ᠬᠦᠰᠡᠯ︾᠎ ᠢᠶᠠᠨ ᠲᠡᠷᠭᠡᠯᠰᠢᠭᠦᠯᠪᠡ
ᠨᠡᠶᠢᠲᠡᠯᠡᠭᠰᠡᠨ ᠴᠠᠭ᠄
2022/10/10
     ᠡᠵᠡᠨ ᠬᠤᠷᠤᠭ᠎ᠠ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠥᠪ 2022 ᠣᠨ ᠤ ᠠᠩᠬᠠᠨ ᠤ ᠪᠦᠯᠦᠭ ᠨᠡᠶᠢᠲᠡ ᠶᠢᠨ ᠲᠦᠷᠢᠶᠡᠰᠦᠨ ᠬᠡᠷ ᠢ ᠨᠣᠮᠧᠷ ᠰᠤᠭᠤᠯᠤᠨ ᠬᠤᠪᠢᠶᠠᠷᠢᠯᠠᠬᠤ ᠠᠵᠢᠯᠯᠠᠭ᠎ᠠ ᠶᠠᠪᠤᠭᠳᠠᠭᠤᠯᠵᠤ᠂ 29 ᠬᠡᠷ ᠪᠦᠯᠢ ᠶᠢᠨ ᠬᠢᠨ ᠺᠣᠮᠫᠢᠦ᠋ᠲ᠋ᠧᠷ ᠢᠶᠠᠷ ᠨᠣᠮᠧᠷ ᠰᠤᠭᠤᠯᠤᠨ ᠬᠡᠷ ᠬᠤᠪᠢᠶᠠᠵᠤ᠂ ︽ᠠᠮᠤᠭᠤᠯᠠᠩ ᠰᠠᠭᠤᠷᠢᠰᠢᠬᠤ ᠬᠦᠰᠡᠯ︾᠎ ᠢᠶᠠᠨ ᠲᠡᠷᠭᠡᠯᠰᠢᠭᠦᠯᠪᠡ᠃      ᠲᠣᠰ ᠤᠳᠠᠭᠠᠨ ᠤ ᠬᠤᠪᠢᠶᠠᠷᠢᠯᠠᠭᠰᠠᠨ ᠬᠡᠷ ᠪᠠᠶᠢᠰᠢᠩ ᠨᠢ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠥᠪ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠᠷ ᠪᠦᠷᠢᠯᠳᠦᠭᠰᠡᠨ ᠢᠯᠭᠠᠷᠠᠭᠤᠯᠤᠨ ᠪᠠᠶᠢᠴᠠᠭᠠᠬᠤ ᠠᠵᠢᠯ ᠤᠨ ᠳᠤᠭᠤᠶᠢᠯᠠᠩ ᠤᠨ ᠬᠢᠨ ᠢᠯᠭᠠᠷᠠᠭᠤᠯᠤᠨ ᠪᠠᠶᠢᠴᠠᠭᠠᠵᠤ  ᠪᠤᠴᠠᠭᠠᠭᠰᠠᠨ ᠭᠡᠷ ᠪᠠᠶᠢᠵᠤ᠂ 2017 ᠣᠨ ᠤ ᠳᠥᠷᠪᠡᠳᠦᠭᠡᠷ ᠤᠯᠠᠷᠢᠯ ᠳᠤ ᠵᠠᠷᠯᠠᠨ ᠨᠡᠶᠢᠲᠡᠯᠡᠬᠦ ᠪᠠᠷ ᠭᠤᠶᠤᠴᠢᠯᠠᠭᠰᠠᠨ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠪᠠ ᠨᠢᠭᠡᠳᠦᠭᠡᠷ᠂ ᠬᠤᠶᠠᠳᠤᠭᠠᠷ ᠳᠡᠰ ᠤᠨ ᠵᠡᠮᠳᠡᠭᠴᠦᠳ ᠤᠨ ᠬᠡᠷ ᠪᠦᠯᠢ ᠶᠢ ᠤᠷᠢᠳᠠᠪᠠᠷ  ᠪᠤᠳᠤᠯᠬᠢᠯᠠᠵᠤ᠂ ᠬᠤᠪᠢᠶᠠᠨ ᠲᠦᠷᠢᠶᠡᠰᠦᠯᠡᠬᠦ ᠣᠷᠣᠨ ᠰᠠᠭᠤᠴᠠ ᠨᠢ ᠮᠢᠨ ᠶᠦᠸᠧ A ᠲᠣᠭᠤᠷᠢᠭ C ᠲᠣᠭᠤᠷᠢᠭ᠂ ᠯᠠᠨ ᠲᠢᠶᠠᠨ ᠵᠢᠶᠠ ᠶᠤᠸᠠᠨ A ᠲᠣᠭᠤᠷᠢᠭ B ᠲᠣᠭᠤᠷᠢᠭ C ᠲᠣᠭᠤᠷᠢᠭ ᠲᠤ ᠲᠤᠬᠢᠷᠠᠭᠤᠯᠵᠤ᠂ ᠡᠵᠡᠨ ᠬᠤᠷᠤᠭ᠎ᠠ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠤᠶᠢᠯᠡᠴᠢᠯᠡᠭᠡᠨ ᠤ ᠬᠢᠨ 7 ᠠᠵᠢᠯᠯᠠᠬᠤ ᠡᠳᠦᠷ ᠤᠨ ᠳᠣᠲᠣᠷ᠎ᠠ ᠬᠠᠮᠢᠶ᠎ᠠ ᠪᠥᠬᠦᠶ ᠭᠠᠷ  ᠬᠦᠢᠴᠡᠳᠭᠡᠯ ᠬᠢᠵᠤ ᠲᠦᠯᠬᠢᠭᠦᠷ ᠢ ᠨᠢ ᠭᠠᠷᠳᠠᠭᠤᠯᠤᠨ᠂ ᠰᠢᠨ᠎ᠡ ᠵᠢᠯ ᠳᠤ ᠰᠢᠨ᠎ᠡ ᠬᠡᠷ ᠪᠦᠯᠢ ᠶᠢᠨ ᠬᠠᠯᠠᠭᠤᠨ ᠳᠤᠯᠠᠭᠠᠨ ᠢ  ᠡᠳ᠋ᠯᠡᠬᠦᠯᠬᠦ ᠪᠠᠷ ᠪᠣᠯᠤᠨ᠎ᠠ᠃   ᠼᠠᠢ ᠬᠤᠨᠭ᠌   ᠤᠷᠠᠨ᠎ᠠ
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号