ᠮᠠᠨ ᠤ ᠬᠤᠰᠢᠭᠤ ︽ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2022/10/10
     ᠠᠷᠪᠠᠨ ᠲᠠᠪᠤᠳᠡᠬᠢ ︽ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ︾ ᠮᠠᠨ ᠤ ᠬᠤᠰᠢᠭᠤ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠲᠠᠩᠰᠠ ᠡᠪᠬᠡᠮᠡᠯ ᠤᠨ ᠬᠡᠷᠡᠯ ᠰᠠᠴᠤᠷᠠᠩᠭᠤᠶ ᠠᠮᠵᠢᠯᠲᠠ ᠶᠢ ᠮᠠᠭᠲᠠᠨ ᠲᠠᠭᠤᠯᠠᠶ᠎ᠠ︾ ᠬᠡᠬᠦ ᠠᠭᠤᠯᠭ᠎ᠠ ᠪᠦᠬᠦᠢ ᠭᠤᠤᠯ ᠰᠡᠳᠦᠪ ᠤᠨ ᠲᠣᠭᠤᠷᠢᠨ ᠳᠤ ᠡᠯᠪᠡᠭ ᠪᠠᠶᠠᠯᠢᠭ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠠᠬᠤᠶ ᠲᠠᠯᠠᠪᠠᠶ ᠳᠤ᠂ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ  ᠰᠠᠩ ᠨᠢ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠵᠢᠴᠢ ᠣᠯᠠᠨ ᠨᠡᠶᠢᠲᠡ ᠳᠤ ᠲᠠᠩᠰᠠ ᠡᠪᠬᠡᠮᠡᠯ ᠤᠨ ᠮᠡᠳᠡᠯᠭᠡ ᠶᠢ ᠲᠥᠪᠯᠡᠷᠡᠭᠦᠯᠦᠨ ᠤᠬᠠᠭᠤᠯᠵᠤ᠂ ᠲᠠᠶᠢᠯᠤᠮᠵᠢ ᠬᠢᠵᠦ ᠲᠦᠭᠡᠮᠡᠯᠵᠢᠭᠦᠯᠪᠡ᠃ ᠡᠭᠦᠨ ᠤ ᠬᠠᠮᠲᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠲᠠᠩᠰᠠ ᠡᠪᠬᠡᠮᠡᠯ ᠤᠨ ᠰᠠᠩ ᠳᠤ ᠬᠦᠷᠴᠦ᠂ ᠲᠠᠩᠰᠠ ᠡᠪᠬᠡᠮᠡᠯ ᠤᠨ ᠰᠣᠶᠣᠯ᠂ ᠲᠠᠩᠰᠠ ᠡᠪᠬᠡᠮᠡᠯ ᠤᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠭᠤᠯᠵᠤ᠂ ᠣᠯᠠᠨ ᠲᠦᠮᠡᠨ ᠤ ᠲᠠᠩᠰᠠ ᠡᠪᠬᠡᠮᠡᠯ ᠤᠨ ᠤᠬᠠᠮᠰᠠᠷ ᠪᠠ ᠲᠠᠩᠰᠠ ᠡᠪᠬᠡᠮᠡᠯ ᠤᠨ ᠬᠠᠤᠯᠢ ᠪᠠᠷ ᠵᠠᠰᠠᠬᠤ  ᠲᠠᠨᠢᠯᠳᠠ ᠶᠢ ᠨᠡᠮᠡᠭᠳᠡᠭᠦᠯᠪᠡ᠃     ᠣᠶᠢᠯᠠᠭᠠᠭᠰᠠᠨ ᠢᠶᠠᠷ᠂ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ ᠳᠤ ᠣᠲᠣ 171  ᠪᠤᠳᠢ ᠪᠦᠷᠢᠨ ᠡᠪᠬᠡᠮᠡᠯ᠂ 25 ᠲᠦᠮᠡ ᠭᠠᠷᠤᠶ ᠪᠣᠲᠢ ᠲᠠᠩᠰᠠ ᠡᠪᠬᠡᠮᠡᠯ ᠲᠠᠢ ᠪᠠᠶᠢᠵᠤ᠂  ᠮᠠᠨ ᠤ ᠬᠤᠰᠢᠭᠤᠨ ᠤ ᠬᠥᠭᠵᠢᠯᠲᠡ ᠪᠠ ᠲᠡᠦᠬᠡ ᠶᠢᠨ ᠳᠤᠷᠠᠳᠬᠠᠯ ᠢ ᠦᠨᠡᠨ ᠪᠣᠳᠠᠲᠠᠶ ᠪᠠᠷ ᠲᠤᠰᠬᠠᠵᠠᠶ᠃ ᠮᠦᠽᠧᠢ ᠳᠤ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠢ 2020 ᠣᠨ ᠪᠣᠯᠲᠠᠯ᠎ᠠ ᠬᠦᠯᠢᠶᠡᠨ ᠠᠪᠴᠤ᠂ ᠪᠦᠬᠦᠨ ᠢ   ᠲᠤᠭᠠᠵᠢᠭᠤᠯᠤᠬᠰᠠᠨ ᠢ ᠪᠡᠶᠡᠯᠡᠭᠦᠯᠵᠦ᠂ ᠨᠡᠶᠢᠭᠡᠮ ᠳᠤ ᠳᠥᠭᠦᠮ ᠳᠥᠲᠡ ᠥᠨᠳᠥᠷ ᠪᠦᠲᠦᠮᠵᠢᠲᠡᠢ ᠳᠠᠩᠰᠠ ᠡᠪᠬᠡᠮᠡᠯ ᠢ ᠪᠠᠶᠢᠴᠠᠭᠠᠨ  ᠦᠵᠡᠵᠦ ᠠᠰᠢᠭᠯᠠᠬᠤ  ᠭᠡᠷᠡᠭᠴᠡᠭᠡ ᠶᠢ  ᠬᠠᠩᠭᠠᠵᠦ ᠪᠠᠶᠢᠨ᠎ᠠ᠃              
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号