| ᠤᠶᠢᠷ᠎ᠠ ᠳᠤ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠳᠡᠳ᠋ ᠲᠡᠷᠢᠭᠦᠯᠡᠭᠴᠢ᠂ | ᠱᠦᠵᠢ ᠨᠡᠷ ᠤᠨ ᠭᠠᠵᠠᠷ ᠤᠨ ᠱᠦᠵᠢ ᠦ᠋ ᠬᠠᠶ ᠶᠢᠩ ᠨᠡᠷ ᠮᠠᠨ ᠤ ᠬᠤᠰᠢᠭᠤᠨ ᠳᠤ ᠢᠷᠡᠵᠦ ᠡᠮᠡᠭᠲᠡᠶᠢᠴᠦᠳ ᠬᠡᠦᠬᠡᠳ | ᠪᠠ ᠬᠡᠷ ᠪᠦᠯᠢ ᠶᠢᠨ ᠲᠤᠬᠠᠢ ᠠᠵᠢᠯ ᠤᠨ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠥᠪᠡᠷᠲᠡᠭᠡᠨ | ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠸᠠᠩ ᠹᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ | ᠰᠢᠩ ᠵᠧᠩ᠂ ᠬᠤᠲᠠ ᠶᠢᠨ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠽᠠᠨᠳᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠨ ᠼᠠᠢ ᠢᠦᠶ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠰᠤᠨ ᠡᠷᠭᠢ ᠶᠢᠨ ᠰᠢᠨ᠎ᠡ ᠬᠤᠳᠠ ᠶᠢᠨ | ᠬᠡᠦᠬᠡᠳ ᠤᠨ ᠭᠤᠤᠯ ᠰᠡᠳᠦᠪᠲᠦ ᠴᠡᠴᠡᠷᠯᠢᠭ᠂ ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠭᠠᠷ | ᠦᠢᠯᠡᠳᠬᠡᠯ ᠤᠨ ᠭᠠᠵᠠᠷ ᠤᠨ ᠠᠯᠳᠠᠨᠰᠢᠷᠡᠭᠡ ᠪᠠᠯᠭᠠᠰᠤᠨ ᠤ ᠭᠠᠷ ᠣᠶᠣᠳᠠᠯ ᠤᠨ ᠦᠢᠯᠡᠳᠪᠦᠷᠢ ᠶᠢᠨ ᠲᠠᠰᠤᠭ ᠲᠤ | ᠬᠦᠷᠴᠦ᠂ ᠮᠠᠨ ᠤ ᠬᠤᠰᠢᠭᠤᠨ ᠤ ᠬᠡᠦᠬᠡᠳ ᠤᠨ ᠨᠥᠬᠦᠷᠰᠡᠭ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ᠂ | ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠵᠢᠴᠢ | ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠤᠯᠭᠤᠬᠰᠠᠨ ᠪᠠᠶᠢᠳᠠᠯ ᠢ ᠨᠠᠷᠢᠨ ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠮᠠᠨ ᠤ ᠬᠤᠰᠢᠭᠤᠨ ᠤ ᠡᠮᠡᠭᠲᠡᠶᠢᠴᠦᠳ ᠬᠡᠦᠬᠡᠳ ᠤᠨ ᠠᠵᠢᠯ ᠢ | ᠬᠦᠢᠴᠡᠳ ᠨᠤᠲᠠᠯᠠᠵᠤ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠡᠮᠡᠭᠲᠡᠶᠢᠴᠦᠳ ᠤᠨ ᠬᠤᠯᠪᠤᠭᠠᠳᠤ | ᠬᠤᠷᠠᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠭᠠᠵᠠᠷ ᠣᠷᠣᠨ ᠤ ᠡᠮᠡᠭᠲᠡᠶᠢᠴᠦᠳ ᠬᠡᠦᠬᠡᠳ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ | ᠵᠢᠭᠠᠵᠤ ᠭᠠᠷᠭᠠᠪᠠ᠃ | | | | | | |