ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠣᠶᠤᠨᠴᠢ ᠦᠵᠡᠮᠵᠢᠲᠦ ᠣᠷᠣᠨ ᠤ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/10
     ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠣᠶᠤᠨᠴᠢ ᠦᠵᠡᠮᠵᠢᠲᠦ ᠣᠷᠣᠨ ᠎ ᠤ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠬᠤᠷᠠᠯ ᠳᠡᠭᠡᠷ᠎ᠡ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠵᠠᠩ ᠶᠢᠩ ᠶᠢᠩ ᠬᠤᠷᠠᠯ ᠢ ᠡᠷᠬᠢᠯᠡᠵᠦ᠂  ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠬᠤ ᠪᠠᠭ ᠤᠨ ᠬᠢᠨ ᠪᠣᠯᠤᠨ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠡ᠃        ᠬᠤᠷᠠᠯ ᠠᠴᠠ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠤ ᠣᠶᠤᠨᠴᠢ ᠦᠵᠡᠮᠵᠢᠲᠦ ᠣᠷᠣᠨ ᠢ ᠪᠦᠲᠦᠭᠡᠨ ᠪᠠᠶᠢᠭᠤᠯᠬᠤ ᠲᠥᠰᠦᠯ ᠤᠨ ᠲᠤᠬᠠᠢ ᠬᠤᠯᠪᠣᠭᠳᠠᠯ ᠪᠦᠬᠦᠢ ᠺᠣᠮᠫᠠᠨᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠨ ᠬᠥᠮᠦᠰ ᠬᠢᠨᠠᠮᠠᠭᠠᠢ ᠶᠠᠷᠢᠯᠴᠠᠭᠰᠠᠨ ᠪᠥᠭᠡᠳ ᠰᠠᠨᠠᠯ  ᠰᠠᠨᠠᠭᠤᠯᠭ᠎ᠠ ᠪᠠᠨ ᠳᠤᠷᠠᠳᠪᠡ᠃      ᠵᠠᠩ ᠶᠢᠩ ᠶᠢᠩ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠬᠤᠷᠠᠯ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠮᠠᠰᠢ ᠴᠢᠬᠤᠯᠠ᠂ ᠡᠨᠡ ᠎ ᠨᠢ ᠵᠢᠭᠤᠯᠴᠢᠯᠠᠯ ᠤᠨ ᠣᠷᠣᠨ ᠤ ᠣᠶᠤᠨᠴᠢ ᠦᠵᠡᠮᠵᠢᠲᠦ ᠣᠷᠣᠨ ᠵᠦᠭ ᠰᠢᠯᠵᠢᠯᠲᠡ ᠬᠢᠬᠦ ᠠᠩᠬᠠᠨ ᠤ ᠠᠯᠬᠤᠮ ᠢᠶᠠᠨ ᠠᠯᠬᠤᠬᠤ ᠪᠠᠶᠢᠳᠠᠯ ᠤᠨ ᠳᠣᠣᠷ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠬᠠᠷᠠᠯᠲᠠ ᠪᠠᠨ ᠲᠣᠳᠣᠷᠬᠠᠶᠢᠯᠠᠬᠤ ᠵᠠᠩᠭᠢᠯᠠᠭ᠎ᠠ ᠶᠢᠨ ᠬᠤᠷᠠᠯ ᠪᠣᠯᠤᠨ᠎ᠠ᠃ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠪᠦᠲᠦᠭᠡᠨ ᠪᠠᠶᠢᠭᠤᠯᠬᠤ ᠲᠥᠰᠦᠯ ᠢ ᠦᠷᠭᠦᠯᠵᠢᠯᠡᠨ ᠲᠡᠭᠦᠯᠳᠡᠷᠵᠢᠭᠦᠯᠵᠦ᠂ ᠵᠢᠷᠤᠭ ᠲᠥᠯᠥᠪᠯᠡᠭᠡ ᠶᠢ ᠠᠯᠢ ᠲᠦᠷᠭᠡᠨ ᠢᠶᠠᠷ ᠲᠣᠭᠲᠠᠭᠠᠵᠤ᠂ ᠣᠶᠤᠨᠴᠢ ᠦᠵᠡᠮᠵᠢᠲᠦ ᠣᠷᠣᠨ ᠤ ᠲᠥᠷᠥᠯ  ᠵᠦᠢᠯ ᠤᠨ ᠠᠬᠢᠴᠠ ᠶᠢ ᠲᠦᠷᠭᠡᠳᠬᠡᠬᠦ ᠬᠡᠷᠡᠭᠲᠡᠢ᠃ ᠬᠤᠶᠠᠷ ᠲᠤ ᠴᠠᠭ ᠶᠢ ᠠᠮᠵᠢᠨ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠵᠢᠱᠢᠭᠰᠡᠨ ᠴᠠᠭ ᠢ ᠴᠢᠩᠭ᠎ᠠ ᠵᠢᠷᠤᠮᠯᠠᠨ ᠡᠯ᠎ᠡ ᠲᠠᠯ᠎ᠠ ᠶᠢᠨ ᠠᠵᠢᠯ ᠢᠶᠠᠨ ᠪᠡᠶᠡᠯᠡᠭᠦᠯᠬᠦ ᠬᠡᠷᠡᠭᠲᠡᠢ᠃ ᠭᠤᠷᠪᠠ ᠳᠤ ᠠᠵᠢᠯ ᠤᠨ ᠬᠠᠷᠢᠭᠤᠴᠠᠯᠭ᠎ᠠ᠂ ᠬᠠᠷᠢᠯᠴᠠᠨ ᠬᠠᠮᠵᠢᠯᠴᠠᠬᠤ ᠶᠢ ᠴᠢᠩᠭᠠᠳᠬᠠᠨ ᠱᠠᠯᠠᠪᠳᠠᠨ ᠠᠵᠢᠯᠯᠠᠵᠤ᠂ ᠣᠶᠤᠨᠴᠢ ᠦᠵᠡᠮᠵᠢᠲᠦ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠠᠶᠢᠲᠤᠷ ᠠᠳᠬᠤᠨ᠂ ᠴᠢᠩᠭᠢᠰ ᠬᠠᠭᠠᠨ ᠤ ᠣᠩᠭᠤᠨ ᠤ  ᠵᠢᠭᠤᠯᠴᠢᠯᠠᠯ ᠤᠨ ᠣᠷᠣᠨ ᠤ ᠣᠶᠤᠨᠴᠢ ᠦᠵᠡᠮᠵᠢᠲᠦ ᠣᠷᠣᠨ ᠎ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠥᠨᠳᠥᠷ ᠦᠷ᠎ᠡ ᠪᠦᠲᠦᠮᠵᠢᠲᠡᠢ  ᠨᠠᠶᠢᠳᠠᠪᠤᠷᠢᠵᠢᠭᠳᠠᠬᠤ ᠶᠢ ᠪᠠᠲᠤᠯᠠᠬᠤ ᠬᠡᠷᠡᠭᠲᠡᠢ ᠭᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ