ᠬᠤᠸᠠ ᠷᠦᠢ ᠹᠧᠩ ᠡᠵᠡᠨ ᠬᠤᠷᠤᠭ᠎ᠠ ᠪᠠᠯᠭᠠᠰᠤᠨ ᠳᠤ ᠬᠦᠷᠴᠦ ᠦᠬᠡᠷ ᠲᠡᠵᠢᠭᠡᠨ ᠦᠷᠡᠵᠢᠭᠦᠯᠬᠦ ᠲᠥᠷᠥᠯ  ᠵᠤᠶᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/10/10
     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠡᠵᠡᠨ ᠬᠤᠷᠤᠭ᠎ᠠ ᠪᠠᠯᠭᠠᠰᠤᠨ ᠤ ᠣᠷᠳᠣᠰ ᠬᠤᠲᠠ ᠶᠢᠨ ᠢᠦᠶ ᠰᠢᠩ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠸᠠᠭᠢᠶ᠋ᠢᠤ᠋ ᠦᠬᠡᠷ ᠲᠡᠵᠢᠭᠡᠨ ᠦᠷᠡᠵᠢᠭᠦᠯᠬᠦ ᠲᠥᠷᠥᠯ ᠵᠤᠶᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠵᠤᠤ ᠸᠧᠢ᠂ ᠬᠤᠰᠢᠭᠤ ᠳᠡᠳ᠋ ᠳᠠᠷᠤᠭ᠎ᠠ ᠯᠢᠦ ᠰᠢᠶᠣᠤ ᠳ᠋ᠦᠩ ᠵᠢᠴᠢ ᠬᠠᠮᠢᠶ᠎ᠠ ᠪᠦᠬᠦᠢ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠬᠤᠸᠠ ᠷᠦᠢ ᠹᠧᠩ ᠲᠥᠷᠥᠯ ᠵᠤᠶᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠨ᠂ ᠦᠬᠡᠷ ᠲᠡᠵᠢᠭᠡᠨ ᠦᠷᠡᠵᠢᠭᠦᠯᠬᠦ ᠲᠥᠷᠥᠯ ᠵᠤᠶᠢᠯ ᠤᠨ ᠲᠦᠢᠮᠣ ᠪᠠᠶᠢᠳᠠᠯ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠲᠡᠵᠢᠭᠡᠨ ᠠᠷᠠᠴᠢᠯᠠᠬᠤ ᠬᠠᠮᠢᠶᠠᠷᠤᠯᠲᠠ᠂ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠵᠢᠴᠢ ᠮᠠᠯᠴᠢᠨ ᠲᠠᠷᠢᠶᠠᠴᠢᠨ ᠤ ᠠᠰᠢᠭ ᠲᠤᠰᠠ ᠯᠤᠭ᠎ᠠ ᠶᠢᠨ ᠬᠤᠯᠪᠣᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠬᠤ ᠳᠤ ᠪᠠᠨ᠂ ᠸᠠᠭᠢᠶ᠋ᠢᠤ᠋ ᠦᠬᠡᠷ ᠲᠡᠵᠢᠭᠡᠨ ᠦᠷᠡᠵᠢᠭᠦᠯᠬᠦ ᠲᠥᠷᠥᠯ ᠵᠤᠶᠢᠯ ᠪᠣᠯ ᠥᠷᠭᠡᠨ ᠠᠭᠤᠳᠠᠮ ᠵᠠᠬ᠎ᠠ ᠳᠡᠯᠭᠡᠭᠦᠷ ᠤᠨ ᠣᠷᠣᠨ ᠵᠠᠶ ᠲᠠᠢ ︽ᠪᠤᠶᠢᠵᠢᠯᠲᠠ ᠶᠢᠨ ᠬᠡᠯᠪᠡᠷᠢ︾᠎ ᠶᠢᠨ ᠲᠥᠷᠥᠯ ᠵᠤᠶᠢᠯ ᠪᠠᠶᠢᠵᠤ᠂ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠠᠷᠢᠶᠠᠯᠠᠩ ᠮᠠᠯ ᠠᠵᠤ ᠠᠬᠤᠶ ᠶᠢᠨ ᠳᠠᠭᠠᠭᠤᠯᠤᠭᠴᠢ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠤᠳ ᠰᠢᠨᠵᠢᠯᠡᠬᠦ ᠤᠬᠠᠭᠠᠨᠴᠢᠯᠠᠭᠰᠠᠨ᠂ ᠣᠳᠣᠬᠢᠴᠢᠯᠠᠭᠰᠠᠨ ᠠᠷᠠᠴᠢᠯᠠᠨ ᠲᠡᠵᠢᠭᠡᠬᠦ ᠬᠠᠮᠢᠶᠠᠷᠤᠯᠲᠠ ᠶᠢᠨ ᠮᠡᠷᠭᠡᠵᠢᠯ ᠢ ᠬᠡᠷᠡᠭᠯᠡᠨ᠂ ᠰᠠᠶᠢᠨ ᠡᠬᠦᠯᠳᠡᠷ ᠤᠨ  ᠸᠠᠭᠢᠶ᠋ᠢᠤ᠋ ᠦᠬᠡᠷ ᠤᠨ ᠦᠷᠡᠵᠢᠯ᠂ ᠡᠭᠦᠯᠳᠡᠷ ᠰᠣᠩᠭᠤᠨ ᠪᠤᠶᠢᠵᠢᠭᠤᠯᠬᠤ᠂ ᠳᠡᠭᠡᠳᠦ ᠲᠠᠰ ᠤᠨ ᠪᠣᠷᠳᠣᠵᠤ ᠲᠠᠷᠭᠤᠯᠠᠭᠤᠯᠬᠤ ᠵᠡᠷᠭᠡ ᠪᠦᠬᠦ ᠶᠠᠪᠤᠴᠠ ᠶᠢᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠥᠭᠵᠢᠯᠲᠡ ᠶᠢᠨ ᠬᠠᠷᠠᠯᠲᠠ ᠪᠠᠨ ᠲᠣᠳᠣᠷᠬᠠᠶᠢᠯᠠᠨ᠂ ᠲᠡᠵᠢᠭᠡᠨ ᠦᠷᠡᠵᠢᠭᠦᠯᠬᠦ᠂ ᠨᠢᠲᠤᠯᠬᠤ᠂  ᠨᠠᠷᠢᠯᠢᠭ ᠡᠳ᠋ᠰᠢᠭᠦᠯᠬᠦ᠂ ᠪᠣᠷᠣᠯᠠᠭᠤᠯᠬᠤ ᠵᠡᠷᠭᠡ ᠠᠵᠤ ᠤᠶᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠤᠶᠢᠯᠡᠰ ᠤᠨ ᠬᠥᠭᠵᠢᠨ ᠮᠠᠨᠳᠤᠬᠤ ᠶᠢ ᠳᠠᠶᠢᠴᠢᠯᠠᠬᠤ ᠬᠡᠷᠡᠭᠲᠡᠶ᠃ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠲᠠᠢ ᠨᠢᠭᠲᠠ ᠬᠡᠯᠪᠡᠷᠢ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠲᠡᠵᠢᠭᠡᠨ ᠦᠷᠡᠵᠢᠭᠦᠯᠬᠦ ᠲᠠᠷᠢᠶᠠᠴᠢᠨ ᠡᠷᠦᠬᠡ ᠳᠤ ᠲᠠᠷᠠᠭᠠᠴᠢ ᠶᠢᠨ  ᠤᠶᠢᠯᠡᠴᠢᠯᠡᠭᠡ ᠪᠠ ᠵᠢᠯᠣᠭᠤᠳᠣᠯᠭ᠎ᠠ ᠶᠢ ᠰᠠᠶᠢᠲᠤᠷ ᠬᠢᠵᠦ᠂ ᠠᠵᠤ ᠤᠶᠢᠯᠡᠰ ᠤᠨ ᠬᠥᠭᠵᠢᠯᠲᠡ ᠶᠢᠨ ᠠᠰᠢᠭ ᠲᠤᠰᠠ ᠶᠢ ᠨᠠᠩ ᠣᠯᠠᠨ ᠮᠠᠯᠴᠢᠨ ᠲᠠᠷᠢᠶᠠᠴᠢᠨ ᠳᠤ ᠬᠦᠷᠲᠡᠭᠡᠬᠦ ᠬᠡᠷᠡᠭᠲᠡᠶ ᠭᠡᠪᠠ᠃    
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ