ᠡᠵᠡᠨ ᠬᠤᠷᠤᠭ᠎ᠠ ᠪᠠᠯᠭᠠᠰᠤᠨ ᠤ ᠨᠡᠶᠢᠭᠡᠮ ᠤᠨ ᠠᠵᠢᠯ ᠤᠨ ᠥᠷᠲᠡᠭᠡ ᠶᠢᠨ ︽ᠤᠷᠠᠨ ᠪᠦᠰᠡᠭᠦᠢ︾ ᠵᠡᠬᠦᠭᠡ ᠦᠢᠯᠡᠳᠦᠨ ᠰᠤᠷᠤᠯᠴᠠᠬᠤ ᠳᠤᠭᠤᠶᠢᠯᠠᠩ ᠤᠨ ᠬᠢᠴᠢᠶᠡᠯ ᠠᠮᠵᠢᠯᠲᠠ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2022/10/10
       ᠤᠷᠢᠬᠠᠨ ᠬᠠᠪᠤᠷ ᠰᠠᠭᠠᠲᠠᠭᠰᠠᠨ 3 ᠳ᠋ᠤᠭᠠᠷ ᠰᠠᠷ᠎ᠠ ᠶᠢᠨ ᠰᠡᠭᠦᠯᠴᠢ ᠳᠤ᠂ ᠪᠤᠯᠠᠭ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠭᠠᠷ  ᠦᠢᠯᠡᠳᠪᠦᠷᠢ ᠶᠢᠨ ᠲᠠᠰᠤᠭ ᠲᠤ ᠣᠷᠳᠣᠰ ᠮᠣᠩᠭᠤᠯ ᠵᠡᠬᠦᠭᠡ ᠦᠢᠯᠡᠳᠬᠦ ᠪᠣᠯᠪᠠᠰᠤᠷᠠᠯ ᠤᠨ ᠬᠠᠮᠤᠭ ᠰᠡᠭᠦᠯᠴᠢ ᠶᠢᠨ ᠨᠢᠭᠡ ᠬᠤᠭᠤᠴᠠᠭᠠᠨ ᠤ ᠬᠢᠴᠢᠶᠡᠯ  ᠶᠠᠪᠤᠭᠳᠠᠨ᠂ ᠬᠠᠷᠢᠶᠠᠲᠤ ᠣᠷᠣᠨ ᠤ 12  ᠬᠦᠮᠤᠨ  ᠪᠣᠯᠪᠠᠰᠤᠷᠠᠯ ᠳᠤ ᠣᠷᠣᠯᠴᠠᠵᠤ᠂ ᠬᠥᠷ ᠬᠥᠭᠵᠢᠶᠡᠨ ᠲᠠᠢ ᠪᠠᠶᠢᠯ᠎ᠠ᠃      ᠪᠣᠯᠪᠠᠰᠤᠷᠠᠯ ᠡᠬᠢᠯᠡᠬᠦ ᠠᠴᠠ ᠡᠮᠦᠨ᠎ᠡ᠂ ᠳᠤᠭᠤᠶᠢᠯᠠᠩ ᠤᠨ ᠨᠥᠬᠦᠳ ᠪᠦᠭᠦᠳᠡᠭᠡᠷ ᠢᠶᠠᠨ ᠲᠡᠷᠯᠢᠭ ᠢᠶᠠᠷ ᠢᠶᠠᠨ ᠭᠤᠶᠤᠯᠠᠵᠤ᠂ ᠬᠠᠷᠢᠯᠴᠠᠨ ᠬᠥᠳᠡᠯᠦᠯᠴᠡᠬᠦ ᠲᠤᠭᠯᠠᠭᠠᠮ ᠲᠤᠭᠯᠠᠨ᠂ ᠡᠨᠡ ᠬᠦ ᠲᠤᠭᠤᠶᠢᠯᠠᠩ ᠳᠤ ᠤᠷᠤᠯᠴᠠᠭᠰᠠᠨ ᠣᠯᠤᠯᠲᠠ ᠲᠥᠷᠥᠭᠳᠡᠯ ᠢᠶᠠᠨ ᠬᠤᠪᠢᠶᠠᠯᠴᠠᠪᠠ᠃ ᠭᠤᠸ᠎ᠠ ᠪᠠᠭᠰᠢ ᠣᠯᠠᠨ ᠢ ᠳᠠᠭᠠᠭᠤᠯᠤᠨ ᠡᠮᠤᠨᠡᠬᠢ ᠬᠡᠳᠦᠨ ᠳᠤᠭᠤᠶᠢᠯᠠᠩ ᠤᠨ ᠰᠤᠷᠤᠯᠴᠠᠭᠰᠠᠨ ᠠᠭᠤᠯᠭ᠎ᠠ ᠶᠢ ᠡᠷᠭᠢᠴᠡᠭᠦᠯᠵᠦ᠂ ᠣᠯᠠᠨ ᠤ ᠪᠦᠲᠦᠭᠡᠯ ᠳᠤ ᠦᠨᠡᠯᠡᠯᠲᠡ ᠬᠢᠨ᠂ ᠲᠤᠰ ᠤᠳᠠᠭᠠᠨ ᠤ ᠰᠤᠷᠤᠯᠴᠠᠬᠤ ᠠᠭᠤᠯᠭ᠎ᠠ ᠳᠤ ᠨᠠᠷᠢᠨ ᠲᠠᠶᠢᠯᠤᠮᠵᠢ ᠬᠢᠪᠠ᠃      ᠬᠤᠶᠠᠷ ᠴᠠᠭ ᠤᠨ ᠬᠠᠮᠲᠤ ᠶᠢᠨ ᠴᠢᠷᠮᠠᠶᠢᠯᠭ᠎ᠠ ᠪᠠᠷ᠂ ᠨᠢᠭᠡᠨ ᠲᠡᠭᠦᠯᠳᠡᠷ ᠰᠠᠶᠢᠬᠠᠨ ᠣᠷᠳᠣᠰ ᠮᠣᠩᠭᠤᠯ ᠦᠨᠳᠦᠰᠦᠲᠡᠨ ᠤ  ᠵᠡᠬᠦᠭᠡ ᠶᠢ ᠬᠢᠵᠦ ᠪᠦᠳᠤᠭᠡᠨ᠂ ᠥᠪᠡᠷ ᠤᠨ ᠬᠥᠳᠡᠯᠮᠦᠷᠢ ᠶᠢᠨ ᠦᠷ᠎ᠡ ᠪᠦᠲᠦᠭᠡᠯ ᠎ ᠳᠤ ᠪᠠᠨ ᠤᠯᠠᠨ ᠢᠶᠠᠷ ᠢᠶᠠᠨ ᠶᠡᠭᠡ ᠰᠡᠳᠬᠢᠯ ᠬᠠᠨᠤᠮᠵᠢᠳᠠᠢ ᠪᠠᠶᠢᠪᠠ᠃ ᠳᠠᠷᠠᠭ᠎ᠠ ᠨᠢ ᠨᠡᠶᠢᠭᠡᠮ ᠤᠨ ᠠᠵᠢᠯᠲᠠᠨ ᠠᠴᠠ ᠣᠯᠠᠨ ᠢ ᠬᠥᠲᠥᠯᠥᠨ ᠵᠢᠯᠣᠭᠤᠳᠴᠤ᠂ ᠲᠠᠷᠠᠭᠠᠴᠢ ᠪᠠᠷ ᠠᠵᠢᠯᠯᠠᠬᠤ ᠲᠠᠰᠤᠭ ᠢᠶᠠᠨ ᠬᠡᠷᠬᠢᠨ ᠡᠵᠡᠩᠨᠡᠬᠦ ᠲᠤᠬᠠᠢ ᠶᠠᠷᠢᠯᠴᠠᠨ᠂ ᠰᠠᠨᠠᠯ ᠨᠢᠭᠡᠳᠡᠢ ᠪᠤᠯᠤᠭᠰᠠᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠨᠡᠶᠢᠭᠡᠮ ᠲᠣᠭᠤᠷᠢᠭ ᠤᠨ ᠠᠵᠢᠯ  ᠬᠦᠯᠢᠶᠡᠵᠤ ᠪᠠᠶᠢᠭ᠎ᠠ ᠡᠮᠡᠭᠲᠡᠶᠢᠴᠦᠳ ᠵᠢᠴᠢ ᠵᠡᠬᠦᠭᠡ ᠬᠢᠬᠦ ᠳᠤ ᠪᠠᠭ᠋ᠠᠲᠠᠢ ᠬᠦᠮᠦᠰ ᠲᠤ ᠰᠤᠷᠤᠯᠴᠠᠬᠤ ᠲᠠᠪᠴᠠᠩ ᠬᠠᠩᠭᠠᠨ ᠦᠭᠴᠦ᠂ ᠵᠡᠬᠦᠭᠡ ᠬᠢᠬᠦ ᠶᠢ ᠰᠤᠷᠤᠯᠴᠠᠨ᠂ ᠮᠣᠩᠭᠤᠯ ᠦᠨᠳᠦᠰᠦᠲᠡᠨ ᠤ ᠠᠷᠠᠳ ᠤᠨ ᠭᠠᠷ ᠤᠷᠠᠯᠠᠯ ᠢ ᠤᠯᠠᠮᠵᠢᠯᠠᠬᠤ ᠳᠤ ᠬᠦᠴᠤᠨ ᠨᠡᠮᠡᠷᠢᠯᠡᠪᠠ᠃ ᠲᠠᠷᠠᠭᠠᠴᠢ ᠪᠠᠷ᠂ ᠨᠡᠶᠢᠭᠡᠮ ᠤᠨ ᠠᠵᠢᠯ ᠤᠨ ᠥᠷᠲᠡᠭᠡ ᠨᠢ ᠠᠵᠢᠯᠯᠠᠬᠤ ᠲᠠᠰᠤᠭ ᠢᠶᠠᠷ ᠲᠠᠪᠴᠠᠩ ᠪᠣᠯᠭᠠᠵᠤ᠂ ᠨᠡᠶᠢᠭᠡᠮ ᠲᠣᠭᠤᠷᠢᠭ ᠤᠨ ᠨᠠᠩ ᠣᠯᠠᠨ ᠵᠡᠬᠦᠭᠡ ᠬᠢᠬᠦ ᠳᠤ  ᠪᠠᠭ᠋ᠠᠲᠠᠢ ᠬᠦᠮᠦᠰ ᠵᠢᠴᠢ ᠠᠵᠢᠯ ᠬᠦᠯᠢᠶᠡᠵᠤ ᠪᠠᠶᠢᠭ᠎ᠠ ᠡᠮᠡᠭᠲᠡᠶᠢᠴᠦᠳ ᠢ ᠬᠥᠲᠥᠯᠥᠨ ᠵᠢᠯᠣᠭᠤᠳᠴᠤ ᠪᠠᠶᠢᠭᠠᠳ ᠠᠵᠢᠯᠯᠠᠬᠤ ᠲᠠᠰᠤᠭ ᠲᠤ ᠣᠷᠤᠭᠤᠯᠤᠨ᠂ ᠠᠵᠢᠯ ᠬᠦᠯᠢᠶᠡᠵᠤ ᠪᠠᠶᠢᠭ᠎ᠠ ᠡᠮᠡᠭᠲᠡᠶᠢᠴᠦᠳ  ᠤᠨ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ ᠪᠠᠷ ᠪᠠᠶᠢᠨ᠎ᠠ᠃                                        
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ