| 2021 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ ᠡᠯ᠎ᠡ ᠲᠦᠷᠦᠯ ᠤᠨ ᠤᠳᠬ᠎ᠠ | ᠤᠷᠠᠯᠢᠭ ᠤᠨ ᠵᠣᠬᠢᠶᠠᠭᠴᠢᠳ ᠤᠨ ᠤᠯᠠᠨ ᠲᠦᠮᠡᠨ ᠤ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠶᠢ ᠵᠤᠷᠢᠬᠵᠢᠭᠤᠯᠤᠨ᠂ ᠤᠯᠠᠨ ᠲᠦᠮᠡᠨ ᠤ ᠤᠳᠬ᠎ᠠ | ᠤᠷᠠᠯᠢᠭ ᠤᠨ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ | ᠰᠣᠶᠣᠯ ᠪᠠ ᠵᠢᠭᠤᠯᠴᠢᠯᠠᠯ ᠤᠨ ᠲᠤᠪᠴᠢᠶ᠎ᠠ ᠨᠡᠶᠢᠭᠡᠮ ᠨᠡᠶᠢᠲᠡ ᠳᠤ ︽ ᠡᠪ ᠬᠠᠮᠳᠤ ᠨᠠᠮ ᠲᠠᠢ ᠪᠠᠨ ᠰᠡᠳᠬᠢᠯ ᠵᠢᠷᠦᠭᠡ ᠪᠠᠨ ᠬᠤᠯᠪᠤᠵᠦ ᠪᠠᠳᠠᠷᠠᠨ ᠳᠡᠯᠭᠡᠷᠡᠬᠦ︾ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠠᠭᠤᠨ ᠤᠳᠬ᠎ᠠ ᠤᠷᠠᠯᠢᠭ ᠤᠨ ᠪᠦᠲᠦᠭᠡᠯ ᠡᠯᠰᠡᠬᠦ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭᠠᠨ ᠳᠤ ᠤᠷᠤᠯᠴᠠᠬᠤ ᠪᠦᠳᠤᠭᠡᠯ ᠨᠢ ᠡᠵᠡᠨ ᠬᠤᠷᠤᠭ᠎ᠠ ᠬᠤᠰᠢᠭᠤ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠬᠦ ᠪᠠᠷ ᠭᠤᠤᠯ ᠰᠡᠳᠦᠪ ᠪᠤᠯᠭᠠᠭᠰᠠᠨ᠂ ᠳᠤᠮᠳᠠᠳᠤ ᠤᠯᠤᠰ ᠤᠨ ᠡᠪ ᠬᠠᠮᠲᠤ ᠨᠠᠮ᠂ ᠠᠭᠤᠤ ᠶᠡᠭᠡ ᠡᠬᠡ ᠤᠯᠤᠰ᠂ ᠦᠵᠡᠰᠬᠦᠯᠡᠩᠲᠦ | ᠰᠠᠶᠢᠬᠠᠨ ᠨᠤᠲᠤᠭ ᠡᠵᠡᠨ ᠬᠤᠷᠤᠭ᠎ᠠ ᠢᠶᠠᠨ ᠮᠠᠭᠲᠠᠨ ᠲᠠᠭᠤᠯᠠᠭᠰᠠᠨ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠤᠨ᠂ | ᠨᠡᠶᠢᠭᠡᠮ ᠤᠨ ᠢᠳᠡᠪᠬᠢ ᠬᠦᠴᠦᠨ ᠢ ᠤᠯᠠᠮᠵᠢᠯᠠᠨ ᠲᠡᠯᠭᠡᠷᠡᠬᠦᠯᠦᠭᠰᠡᠨ ᠂ ᠰᠢᠨ᠎ᠡ ᠰᠡᠪᠡᠭᠦᠨ ᠤᠳᠬ᠎ᠠ ᠰᠠᠨᠠᠭ᠎ᠠ ᠲᠠᠢ᠂ ᠰᠡᠳᠦᠪ ᠨᠢ ᠥᠪᠡᠷᠮᠢᠴᠡ ᠤᠨᠴᠠᠯᠢᠭ ᠲᠠᠢ᠂ | ᠴᠠᠭ ᠦᠶ᠎ᠡ ᠶᠢᠨ ᠣᠨᠴᠠᠯᠢᠭ ᠲᠠᠢ᠂ ᠢᠳᠡᠪᠬᠢᠲᠡᠶ ᠥᠭᠡᠳᠡᠷᠬᠡᠭ ᠠᠭᠤᠯᠭ᠎ᠠ ᠲᠠᠢ᠂ ᠪᠣᠳᠠᠲᠤ ᠪᠠᠶᠢᠳᠠᠯ ᠲᠠᠢ ᠣᠶᠢᠷᠠᠲᠤᠵᠤ᠂ ᠣᠯᠠᠨ ᠲᠦᠮᠡᠨ ᠲᠠᠢ ᠤᠶᠢᠷᠠᠳᠤᠭᠰᠠᠨ | ᠪᠦᠲᠦᠭᠡᠯ ᠪᠠᠶᠢᠬᠤ ᠬᠡᠷᠡᠭᠲᠡᠶ᠃ | ᠪᠦᠲᠦᠭᠡᠯ ᠡᠯᠰᠡᠬᠦ ᠠᠵᠢᠯ ᠬᠠᠭᠠᠰ ᠵᠢᠯ ᠶᠠᠪᠤᠭᠳᠠᠵᠤ᠂ ᠨᠡᠶᠢᠲᠡ 243 ᠤᠳᠬ᠎ᠠ ᠤᠷᠠᠯᠢᠭ ᠤᠨ ᠪᠦᠲᠦᠭᠡᠯ ᠡᠯᠰᠡᠵᠦ ᠂ ᠬᠢᠷᠢ ᠬᠡᠮ᠂ ᠲᠤᠰᠬᠠᠶ | ᠮᠡᠷᠭᠡᠵᠢᠯ ᠢᠶᠠᠷ ᠦᠨᠳᠤᠷ ᠭᠤᠷᠪᠠᠨ ᠪᠠᠭᠰᠢ ᠶᠢ ᠤᠷᠢᠵᠤ ᠪᠦᠲᠦᠭᠡᠯ ᠢ ᠰᠢᠯᠭᠠᠷᠠᠭᠤᠯᠪᠠ᠃ ᠬᠤᠶᠠᠷ ᠡᠭᠡᠯᠵᠢ ᠶᠢᠨ ᠰᠢᠯᠭᠠᠷᠠᠭᠤᠯᠤᠯᠳᠠ ᠪᠠᠷ ᠳᠡᠮᠵᠢᠨ᠂ ᠡᠴᠦᠰ ᠲᠤ | ᠪᠠᠨ ᠨᠤᠳᠤᠭ ᠤᠨ 57 ᠤᠳᠬ᠎ᠠ ᠤᠷᠠᠯᠢᠭ ᠤᠨ ᠵᠤᠬᠢᠶᠠᠯᠴᠢ ᠶᠢᠨ ᠵᠠᠭᠤᠨ ᠤᠳᠬ᠎ᠠ ᠤᠷᠠᠯᠢᠭ ᠤᠨ ᠪᠦᠲᠦᠭᠡᠯ ᠨᠢ ᠲᠡᠭᠦᠪᠦᠷᠢ ᠳᠤ ᠰᠣᠩᠭᠤᠭᠳᠠᠵᠠᠶ᠃ | ᠣᠳᠣᠬᠠᠨ ᠳᠤ ᠂ ᠢᠷᠠᠭᠤ ᠠᠯᠳᠠᠷ ᠤᠨ ᠦᠨᠡᠮᠯᠡᠯ ᠵᠢᠴᠢ ᠳᠤᠷᠠᠰᠬᠠᠯ ᠤᠨ ᠪᠣᠳᠠᠰ ᠢ ᠨᠢᠭᠡᠨᠲᠡ ᠲᠠᠷᠬᠠᠭᠠᠨ ᠳᠠᠭᠤᠰᠬᠠᠵᠤ᠂ ᠤᠳᠬ᠎ᠠ ᠤᠷᠠᠯᠢᠭ ᠤᠨ | ᠪᠦᠲᠦᠭᠡᠯ ᠤᠨ ᠡᠮᠬᠢᠳᠬᠡᠯ ᠦᠢᠯᠡᠳᠬᠦ ᠪᠠ ᠤᠳᠬ᠎ᠠ ᠤᠷᠠᠯᠢᠭ ᠤᠨ ᠪᠦᠲᠦᠭᠡᠯ ᠤᠨ ᠸᠢᠳᠢᠣ᠋ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠶᠠᠭ ᠬᠢᠵᠦ ᠪᠠᠶᠢᠨ᠎ᠠ᠃ | ᠲᠤᠬᠠᠶ ᠶᠢᠨ ᠦᠶ᠎ᠡ ᠳᠤ᠂ ᠪᠦᠲᠦᠭᠡᠯ ᠤᠨ ᠨᠠᠷᠢᠨ ᠠᠭᠤᠯᠭ᠎ᠠ ᠵᠢᠴᠢ ᠸᠢᠳᠢᠣ᠋ ᠮᠠᠲ᠋ᠧᠷᠢᠶᠠᠯ ᠢ ᠡᠵᠡᠨ ᠬᠤᠷᠤᠭ᠎ᠠ ᠬᠤᠰᠢᠭᠤᠨ ᠤ ᠰᠣᠶᠣᠯ ᠪᠠ ᠵᠢᠭᠤᠯᠴᠢᠯᠠᠯ ᠤᠨ | ᠸᠢᠴᠠᠲ ᠤᠨ ᠤᠯᠠᠨ ᠨᠡᠶᠢᠲᠡ ᠶᠢᠨ ᠲᠠᠪᠴᠠᠩ ᠲᠡᠭᠡᠷ᠎ᠡ ᠲᠠᠯᠪᠢᠵᠦ᠂ ᠥᠷᠭᠡᠨ ᠣᠯᠠᠨ ᠤᠳᠬ᠎ᠠ ᠤᠷᠠᠯᠢᠭ ᠤᠨ ᠪᠠᠭ᠋ᠠᠳᠠᠨ ᠵᠢᠴᠢ ᠣᠯᠠᠨ ᠲᠦᠮᠡᠨ ᠤ ᠤᠳᠬ᠎ᠠ | ᠤᠷᠠᠯᠢᠭ ᠤᠨ ᠪᠦᠯᠬᠦᠮ ᠤᠨ ᠰᠣᠯᠢᠯᠴᠠᠨ ᠰᠤᠷᠤᠯᠴᠠᠬᠤ ᠳᠤ ᠨᠦᠬᠦᠴᠡᠯ ᠬᠠᠩᠭᠠᠨ᠎ᠠ᠃ | | | | |