ᠤᠷᠳᠤᠰ ᠬᠤᠲᠠ ᠶᠢᠨ ︽ᠬᠤᠲᠠ ᠶᠢᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ  ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/10/10
     ᠤᠶᠢᠷ᠎ᠠ ᠶᠢᠨ ᠡᠳᠦᠷ ᠬᠤᠲᠠ ᠶᠢᠨ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ᠂ ᠬᠤᠰᠢᠭᠤᠨ ᠤ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ 2021—2022 ᠰᠤᠷᠤᠯᠭ᠎ᠠ ᠶᠢᠨ ᠣᠨ ᠤ ᠣᠷᠳᠣᠰ ᠬᠤᠲᠠ ᠶᠢᠨ ︽ᠬᠤᠲᠠ ᠶᠢᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠠᠩᠬ᠎ᠠ ᠳᠤᠮᠳᠠᠳᠤ ᠶᠢᠨ ᠬᠥᠬᠡ ᠳᠤᠭᠤᠶᠢᠯᠠᠩ ᠤᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃      ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠳᠤ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠬᠤᠰᠢᠭᠤᠨ ᠳᠠᠬᠢ ᠬᠤᠪᠢᠶᠠᠷᠢ ᠰᠤᠷᠭᠠᠭᠤᠯᠢ᠂ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠬᠤᠰᠢᠭᠤᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠪᠤᠯᠬᠤ 3 ᠤᠷᠤᠯᠳᠤᠭᠠᠨ ᠤ ᠲᠣᠭᠤᠷᠢᠭ ᠢ ᠪᠠᠶᠢᠭᠤᠯᠵᠤ᠂ ᠨᠡᠶᠢᠲᠡ 15 ᠲᠦᠯᠦᠭᠡᠯᠡᠭᠴᠢ ᠶᠢᠨ ᠠᠩᠭᠢ ︵ᠡᠷᠡᠭᠲᠡᠶ ᠶᠢᠨ ᠲᠦᠯᠦᠭᠡᠯᠡᠭᠴᠢ ᠶᠢᠨ ᠠᠩᠭᠢ 8  ᠂ ᠡᠮᠡᠭᠲᠡᠶ ᠲᠦᠯᠦᠭᠡᠯᠡᠭᠴᠢ ᠶᠢᠨ ᠠᠩᠭᠢ 7  ︶ 320 ᠭᠠᠷᠤᠶ ᠲᠠᠮᠢᠷᠴᠢᠨ ᠣᠷᠣᠯᠴᠠᠵᠠᠶ᠃ 4 ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠯᠠᠳ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ ᠡᠷᠡᠭᠲᠡᠶ ᠡᠮᠡᠭᠲᠡᠶ ᠶᠢᠨ ᠲᠦᠯᠦᠭᠡᠯᠡᠭᠴᠢ ᠶᠢᠨ ᠠᠩᠭᠢ ᠳᠤ ᠮᠠᠩᠯᠠᠶᠢᠯᠠᠪᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ