2022 ᠣᠨ ᠤ ︽ᠳᠤᠮᠳᠠᠳᠤ ᠶᠢᠨ ᠰᠠᠶᠢᠬᠠᠨ ᠤᠷᠤᠨ ᠢᠶᠠᠷ ᠠᠶᠠᠯᠠᠬᠤ— ᠰᠠᠶᠢᠨᠨᠤ᠂ ᠥᠪᠥᠷ ᠮᠣᠩᠭᠤᠯ︾ ᠰᠦᠯᠵᠢᠶᠡᠨ ᠤ ᠣᠯᠠᠨ ᠤᠯᠤᠰ ᠤᠨ ᠳᠠᠮᠵᠢᠭᠤᠯᠭ᠎ᠠ ᠶᠢᠨ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/10/10
     ᠤᠶᠢᠷ᠎ᠠ ᠶᠢᠨ ᠡᠳᠦᠷ᠂ 2022 ᠣᠨ ᠤ ︽ᠳᠤᠮᠳᠠᠳᠤ ᠶᠢᠨ ᠰᠠᠶᠢᠬᠠᠨ ᠤᠷᠤᠨ ᠢᠶᠠᠷ ᠠᠶᠠᠯᠠᠬᠤ— ᠰᠠᠶᠢᠨᠨᠤ᠂ ᠥᠪᠥᠷ ᠮᠣᠩᠭᠤᠯ︾ ᠰᠦᠯᠵᠢᠶᠡᠨ ᠤ ᠣᠯᠠᠨ ᠤᠯᠤᠰ ᠤᠨ ᠳᠠᠮᠵᠢᠭᠤᠯᠭ᠎ᠠ ᠶᠢᠨ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ᠃      ᠠᠵᠢᠯᠯᠠᠭᠠᠨ ᠳᠤ᠂ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠪᠠᠷ ᠪᠦᠷᠢᠯᠳᠦᠭᠰᠡᠨ ᠵᠠᠭᠤᠴᠢᠯᠠᠭᠤᠷ ᠤᠨ ᠰᠤᠷᠪᠤᠯᠵᠢᠯᠠᠬᠤ ᠪᠦᠯᠬᠦᠮ ᠶᠤᠸᠠᠨ ᠵᠢᠩ ᠣᠲᠣ ᠦᠶ᠎ᠡ ᠶᠢᠨ ᠡᠨᠧᠷᠭᠢ ᠶᠢᠨ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠶᠤᠸᠠᠨ ᠵᠢᠩ ᠬᠥᠳᠡᠯᠭᠡᠬᠦ ᠬᠦᠴᠦᠨ ᠤ ᠳ᠋ᠢᠶᠠᠨ ᡂᠢ ᠦᠢᠯᠡᠳᠬᠦ ᠡᠨᠧᠷᠭᠢ ᠨᠦᠭᠡᠴᠡᠯᠡᠬᠦ ᠮᠡᠷᠭᠡᠵᠢᠯ ᠢ ᠰᠤᠷᠪᠤᠯᠵᠢᠯᠠᠨ ᠪᠡᠶᠡᠴᠢᠯᠡᠨ ᠣᠶᠢᠯᠠᠭᠠᠬᠤ ᠶᠢᠨ ᠬᠠᠮᠲᠤ ᠮᠠᠨ ᠤ ᠬᠤᠰᠢᠭᠤᠨ ᠤ ᠬᠥᠭᠵᠢᠯᠲᠡ ᠬᠤᠪᠢᠷᠠᠯᠲᠠ ᠶᠢ ᠮᠠᠭᠲᠠᠨ ᠰᠠᠶᠢᠰᠢᠶᠠᠪᠠ᠃      ᠲᠣᠰ ᠤᠳᠠᠭᠠᠨ ᠤ ᠠᠵᠢᠯᠯᠠᠭ᠎ᠠ ᠶᠢ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠶᠢᠨ ᠣᠯᠠᠨ ᠤᠯᠤᠰ ᠤᠨ ᠰᠦᠯᠵᠢᠶ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠬᠠᠮᠲᠤᠷᠠᠨ ᠡᠷᠬᠢᠯᠡᠵᠦ᠂ ᠬᠢᠶ᠎ᠠ ᠪᠠᠭᠰᠢ᠂ ᠡᠵᠡᠨ ᠬᠤᠷᠤᠭ᠎ᠠ ᠬᠤᠰᠢᠭᠤ᠂ ᠳ᠋ᠦᠩᠱᠧᠩ ᠵᠡᠷᠭᠡ ᠭᠠᠵᠠᠷ ᠲᠤ 7 ᠡᠳᠦᠷ ᠤᠨ ᠬᠤᠭᠤᠴᠠᠭ᠎ᠠ ᠲᠠᠢ ᠰᠤᠷᠪᠤᠯᠵᠢᠯᠠᠭ᠎ᠠ ᠬᠢᠨ᠎ᠠ᠃ ᠵᠠᠭᠤᠴᠢᠯᠠᠭᠤᠷ ᠤᠨ ᠰᠤᠷᠪᠤᠯᠵᠢᠯᠠᠭᠴᠢ ᠪᠣᠯᠤᠨ ᠭᠠᠳᠠᠭᠠᠳᠤ ᠶᠢᠨ ᠰᠦᠯᠵᠢᠶᠡᠨ ᠤ ᠤᠳᠤᠳ ᠤᠨ ︽ᠶᠠᠪᠤᠬᠤ ᠶᠢᠨ ᠳᠠᠭᠠᠤ ᠦᠵᠡᠵᠦ᠂ ᠦᠯᠢᠭᠡᠷ ᠶᠠᠷᠢᠬᠤ︾ ᠬᠡᠯᠪᠡᠷᠢ ᠪᠠᠷ ᠤᠯᠠᠨ ᠬᠠᠷᠠᠭᠠᠰᠤ ᠠᠴᠠ ᠳᠡᠯᠡᠬᠡᠢ ᠨᠡᠶᠢᠳᠡ ᠎ ᠳᠤ ︽ᠬᠦᠴᠦᠷᠭᠡᠭ ᠤᠷᠳᠤᠰ᠂ ᠠᠮᠢᠵᠢᠷᠠᠯ ᠪᠢᠯᠬᠠᠬᠰᠠᠨ ᠤᠷᠳᠤᠰ᠂ ᠨᠤᠮᠢᠨ ᠲᠠᠩᠰᠤᠭ ᠤᠷᠳᠤᠰ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠤᠷᠳᠤᠰ᠂ ᠵᠣᠯ ᠵᠢᠷᠭᠠᠯᠲᠤ ᠤᠷᠳᠤᠰ︾᠎ ᠤᠨ ᠭᠤᠶᠢᠳᠠ ᠰᠠᠶᠢᠬᠠᠨ ᠳᠦᠷᠰᠦ ᠶᠢ ᠢᠯᠡᠷᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠦᠯᠵᠢᠶᠡᠨ ᠨᠠᠶᠢᠵᠠ ᠨᠠᠷ ᠲᠤ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ᠂ ᠰᠣᠶᠣᠯ ᠤᠨ ᠴᠡᠴᠡᠭᠯᠡᠯ᠂ ᠠᠮᠢ ᠠᠬᠤᠢ ᠶᠢᠨ ᠭᠤᠶᠢᠳᠠ ᠰᠠᠶᠢᠬᠠᠨ᠂ ᠠᠷᠠᠳ ᠲᠦᠮᠡᠨ ᠤ ᠠᠮᠤᠷ ᠲᠠᠶᠢᠪᠤᠡᠭ ᠠᠵᠤ ᠲᠦᠷᠦᠭᠦ ᠥᠪᠡᠷᠮᠢᠴᠡ ᠷᠢᠳᠢ ᠰᠢᠳᠢ ᠶᠢ ᠲᠠᠨᠢᠭᠤᠯᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠳᠡᠯᠭᠡᠨ ᠦᠵᠡᠬᠦᠯᠬᠦ ᠪᠠᠷ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ