| ᠤᠶᠢᠷ᠎ᠠ ᠳᠤ᠂ ᠪᠥᠬᠦ ᠬᠤᠰᠢᠭᠤᠨ ᠤ ︽ᠵᠠᠯᠠᠭᠤ ᠪᠠᠭᠠᠴᠤᠳ ᠰᠠᠭᠤᠷᠢᠨ ᠭᠠᠵᠠᠷ ᠢᠶᠠᠷ ᠲᠤᠭᠤᠷᠢᠵᠦ ᠨᠠᠮ ᠤᠨ ᠲᠡᠦᠬᠡ ᠶᠢ ᠰᠤᠷᠤᠯᠴᠠᠬᠤ︾ ᠠᠵᠢᠯᠯᠠᠭ᠎ᠠ | ᠰᠤᠪᠤᠷᠭ᠎ᠠ ᠪᠠᠯᠭᠠᠰᠤᠨ ᠤ ᠢ ᠹᠸᠡᠭ ᠵᠠᠶ ᠳᠤ ᠡᠬᠢᠯᠡᠪᠡ᠃ ᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ | ᠾᠧ ᠷᠦᠨ ᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ ᠨᠡᠷ᠎ᠡ ᠬᠦᠨᠳᠦᠲᠦ ᠡᠷᠬᠢᠯᠡᠭᠴᠢ ᠼᠦᠢ ᠶᠦᠩ ᠫᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠰᠢᠭᠤ ᠲᠡᠳ᠋ ᠳᠠᠷᠤᠭ᠎ᠠ᠂ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ ᠡᠷᠬᠢᠯᠡᠭᠴᠢ ᠮᠡᠨᠳᠦᠪᠠᠶᠠᠷ᠂ ᠨᠢᠭᠡᠳᠦᠭᠡᠷ | ᠳᠡᠰ ᠤᠨ ᠪᠠᠶᠢᠴᠠᠭᠠᠨ ᠰᠤᠳᠤᠯᠤᠭᠴᠢ᠂ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠬᠤᠤ ᠶᠦᠩ | ᠶᠣᠣ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠠᠵᠢᠯᠯᠠᠭᠠᠨ ᠳᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ︽ᠡᠵᠡᠨ ᠬᠤᠷᠤᠭ᠎ᠠ ᠬᠤᠰᠢᠭᠤᠨ ᠤ ᠵᠠᠯᠠᠭᠤᠴᠤᠳ ᠪᠠᠭᠠᠴᠤᠳ ᠤᠨ | ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ︾᠂ ︽ᠡᠵᠡᠨ ᠬᠤᠷᠤᠭ᠎ᠠ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠰᠠᠭᠤᠷᠢᠨ ᠭᠠᠵᠠᠷ︾ ᠪᠣᠯᠤᠨ ︽ᠬᠠᠶᠢᠷ᠎ᠠ ᠬᠠᠯᠠᠮᠵᠢ ᠶᠢᠨ ᠨᠣᠮ ᠤᠨ ᠥᠷᠥᠭᠡ︾ ᠶᠢᠨ ᠫᠠᠶᠢᠰᠠ ᠶᠢ ᠰᠡᠬᠦᠪᠡ᠃ | ᠣᠶᠢᠯᠠᠭᠠᠭᠰᠠᠨ ᠢᠶᠠᠷ᠂ ᠡᠨᠡ ᠵᠢᠯ ᠤᠨ 7 ᠳ᠋ᠤᠭᠠᠷ ᠰᠠᠷ᠎ᠠ ᠪᠣᠯ ᠠᠩᠬᠠᠳᠠᠭᠴᠢ ᠪᠥᠬᠦ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ | ᠰᠢᠰᠲ᠋ᠧᠮ ᠤᠨ ︽ᠵᠠᠯᠠᠭᠤ ᠪᠠᠭᠠᠴᠤᠳ ᠤᠨ ᠨᠠᠮ ᠤᠨ ᠲᠡᠦᠬᠡ ᠶᠢ ᠰᠤᠷᠤᠯᠴᠠᠬᠤ ᠰᠠᠷ᠎ᠠ︾ ᠪᠣᠯᠤᠨ᠎ᠠ᠂ ︽ᠰᠠᠭᠤᠷᠢᠨ ᠭᠠᠵᠠᠷ ᠢᠶᠠᠷ ᠲᠤᠭᠤᠷᠢᠵᠦ ᠨᠠᠮ ᠤᠨ ᠲᠡᠦᠬᠡ ᠶᠢ | ᠰᠤᠷᠤᠯᠴᠠᠬᠤ︾ ᠠᠵᠢᠯᠯᠠᠭ᠎ᠠ ᠪᠣᠯ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ ᠥᠷᠨᠢᠭᠦᠯᠦᠭᠰᠡᠨ ︽ ᠨᠠᠰᠤᠳᠠᠶᠢᠴᠤᠳ | ᠪᠠᠭᠠᠴᠤᠳ ᠬᠠᠮᠲᠤ ᠪᠠᠷ ᠨᠠᠮ ᠤᠨ ᠠᠴᠢ ᠶᠢ ᠮᠠᠭᠲᠠᠨ ᠳᠠᠭᠤᠯᠠᠵᠤ᠂ ᠭᠠᠷ ᠬᠤᠯᠪᠤᠨ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ ᠭᠤᠤᠯ | ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠴᠢᠬᠤᠯᠠ ᠠᠭᠤᠯᠭ᠎ᠠ ᠪᠣᠯᠤᠨ᠎ᠠ᠂ ᠮᠥᠨ ᠴᠦ ᠵᠠᠯᠠᠭᠤ ᠪᠠᠭᠠᠴᠤᠳ ᠤᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠠᠵᠢᠯᠯᠠᠭ᠎ᠠ ᠨᠢ ︽ᠲᠠᠪᠤᠨ ᠠᠬᠠᠮᠠᠳ︾ ᠤᠨ | ᠳᠠᠪᠠᠭᠤᠯᠢᠭ ᠦᠢᠯᠡᠳᠦᠯ ᠢ ᠪᠠᠳᠠᠷᠠᠭᠤᠯᠵᠤ᠂ ᠬᠠᠨᠳᠤᠯᠭᠠᠲᠤ ᠴᠢᠨᠠᠷᠲᠠᠶ ᠪᠠᠷ ᠨᠠᠮ ᠤᠨ ᠲᠡᠦᠬᠡ ᠶᠢᠨ ᠬᠥᠮᠦᠵᠢᠯ ᠢ ᠦᠷᠨᠢᠬᠦᠯᠦᠨ᠂ ᠳᠤᠮᠳᠠᠳᠤ ᠤᠯᠤᠰ ᠤᠨ ᠥᠯᠢᠭᠡᠷ ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠯᠢᠭᠡᠷ᠂ ᠣᠷᠳᠣᠰ ᠤᠨ ᠥᠯᠢᠭᠡᠷ ᠢ ᠰᠠᠶᠢᠲᠤᠷ ᠶᠠᠷᠢᠵᠦ᠂ ︽ᠲᠠᠪᠤᠨ ᠠᠬᠠᠮᠠᠳ︾ ᠤᠨ ᠯᠧᠺᠲ᠋ᠣᠷ ᠤᠨ ᠪᠦᠯᠬᠦᠮ | ᠵᠡᠷᠭᠡ ᠶᠢ ᠵᠣᠬᠢᠶᠠᠨ ᠪᠠᠶᠢᠭᠤᠯᠤᠨ ᠰᠠᠭᠤᠷᠢᠨ ᠭᠠᠵᠠᠷ ᠲᠤ ᠬᠦᠨᠵᠡᠭᠡᠶᠢᠷᠡᠵᠦ᠂ ᠵᠠᠯᠠᠭᠤ ᠪᠠᠭᠠᠴᠤᠳ ᠲᠠᠢ ᠤᠶᠢᠷᠠᠳᠦᠨ᠂ ᠠᠵᠢᠯᠯᠠᠭ᠎ᠠ ᠶᠢᠨ ᠲᠠᠲᠠᠬᠤ ᠬᠦᠴᠦᠨ ᠪᠠ | ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠨᠢᠭᠡ ᠪᠦᠯᠦᠭ ᠦᠪᠡᠷᠮᠢᠴᠡ ᠣᠨᠴᠠᠯᠢᠭ ᠲᠠᠢ᠂ ᠨᠥᠯᠥᠭᠡ ᠲᠠᠢ ᠬᠤᠪᠢᠰᠬᠠᠯ ᠤᠨ ᠬᠥᠮᠦᠵᠢᠯ ᠤᠨ | ᠰᠠᠭᠤᠷᠢᠨ ᠭᠠᠵᠠᠷ ᠤᠨ ᠠᠵᠢᠯ ᠤᠨ ᠲᠥᠷᠥᠯ ᠲᠡᠮᠳᠡᠭᠲᠦ ᠶᠢ ᠪᠣᠶ ᠪᠣᠯᠭᠠᠨ᠎ᠠ᠃ | ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ᠂ | ᠰᠤᠪᠤᠷᠭ᠎ᠠ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤ᠂ ᠪᠠᠯᠭᠠᠰᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ | ᠬᠤᠯᠪᠤᠬᠳᠠᠯ ᠪᠥᠬᠦᠶ ᠬᠠᠷᠢᠭᠤᠴᠠᠯᠭᠠᠲᠠᠨ ᠵᠢᠴᠢ ︽ᠵᠠᠯᠠᠭᠤ ᠪᠠᠭᠠᠴᠤᠳ ᠰᠠᠭᠤᠷᠢᠨ ᠭᠠᠵᠠᠷ ᠢᠶᠠᠷ ᠲᠤᠭᠤᠷᠢᠵᠦ ᠨᠠᠮ ᠤᠨ ᠲᠡᠦᠬᠡ ᠶᠢ ᠰᠤᠷᠤᠯᠴᠠᠬᠤ︾ ᠠᠩᠬᠠᠳᠤᠭᠠᠷ | ᠬᠤᠭᠤᠴᠠᠭᠠᠨ ᠤ ᠰᠤᠷᠤᠭᠴᠢᠳ ᠠᠵᠢᠯᠯᠠᠭ᠎ᠠ ᠳᠤ ᠣᠷᠣᠯᠴᠠᠪᠠ᠃ | | | | | | |