ᠮᠠᠨ ᠤ ᠬᠤᠰᠢᠭᠤ ︽ᠰᠢᠨ᠎ᠡ ᠴᠠᠭ ᠦᠶ᠎ᠡ ᠶᠢᠨ ᠰᠤᠷᠪᠤᠯᠵᠢ ᠪᠢᠴᠢᠭ ᠤᠨ ᠠᠵᠢᠯ ᠢ ᠠᠬᠢᠭᠤᠯᠬᠤ ᠲᠤᠬᠠᠶ ᠰᠠᠨᠠᠯ︾᠎ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ︽ᠴᠥᠭᠡᠨ ᠲᠣᠭᠠᠲᠤ ᠦᠨᠳᠦᠰᠦᠲᠡᠨ ᠤ ᠰᠤᠷᠪᠤᠯᠵᠢ ᠪᠢᠴᠢᠭ ᠪᠠ ᠦᠷ᠎ᠡ ᠪᠦᠲᠦᠭᠡᠯ ᠤᠨ ᠦᠵᠡᠭᠦᠯᠭᠡ︾᠎ ᠶᠢᠨ ​ᠳᠡᠯᠭᠡᠨ ᠦᠵᠡᠭᠦᠯᠬᠦ ᠬᠥᠲᠥᠯᠪᠦᠷᠢ ᠶᠢᠨ ᠰᠤᠳᠤᠯᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/10/10
     ᠤᠶᠢᠷ᠎ᠠ ᠳᠤ᠂ ᠮᠠᠨ ᠤ ᠬᠤᠰᠢᠭᠤ ︽ᠰᠢᠨ᠎ᠡ ᠴᠠᠭ ᠦᠶ᠎ᠡ ᠶᠢᠨ ᠰᠤᠷᠪᠤᠯᠵᠢ ᠪᠢᠴᠢᠭ ᠤᠨ ᠠᠵᠢᠯ ᠢ ᠠᠬᠢᠭᠤᠯᠬᠤ ᠲᠤᠬᠠᠶ ᠰᠠᠨᠠᠯ︾᠎ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ︽ᠴᠥᠭᠡᠨ ᠲᠣᠭᠠᠲᠤ ᠦᠨᠳᠦᠰᠦᠲᠡᠨ ᠤ ᠰᠤᠷᠪᠤᠯᠵᠢ ᠪᠢᠴᠢᠭ ᠪᠠ ᠦᠷ᠎ᠡ ᠪᠦᠲᠦᠭᠡᠯ ᠤᠨ ᠦᠵᠡᠭᠦᠯᠦᠯᠭᠡ︾᠎ ᠶᠢᠨ ᠳᠡᠯᠭᠡᠨ ᠦᠵᠡᠭᠦᠯᠬᠦ ᠬᠥᠲᠥᠯᠪᠦᠷᠢ ᠶᠢᠨ ᠰᠤᠳᠤᠯᠤᠨ ᠶᠠᠷᠢᠯᠴᠠᠬᠤ ᠬᠤᠷᠠᠯ ᠬᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠷᠪᠤᠯᠵᠢ ᠪᠢᠴᠢᠭ ᠢ ᠡᠮᠬᠢᠳᠬᠡᠨ ᠰᠤᠳᠤᠯᠬᠤ ᠲᠠᠰᠤᠭ ᠤᠨ ᠡᠷᠬᠢᠯᠡᠭᠴᠢ ᠰᠣᠶᠣᠯᠲᠤ ᠬᠤᠷᠠᠯ ᠡᠷᠭᠢᠯᠡᠵᠦ᠂ ᠬᠤᠰᠢᠭᠤᠨ ᠤ ᠤᠳᠤᠷᠢᠳᠤᠯᠭ᠎ᠠ ᠯᠢ ᠬᠦᠶ᠂ ᠰᠢᠶᠧ ᠯᠢ ᠶᠤᠸᠠᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ︽ᠳᠡᠯᠭᠡᠨ ᠦᠵᠡᠭᠦᠯᠬᠦ ᠬᠥᠲᠥᠯᠪᠦᠷᠢ︾᠎ ᠶᠢ ᠲᠤᠭᠤᠷᠪᠢᠵᠤ ᠲᠣᠭᠲᠠᠭᠠᠭᠰᠠᠨ ᠪᠠᠶᠢᠳᠠᠯ ᠪᠣᠯᠤᠨ ᠦᠨᠳᠦᠰᠦᠲᠡᠨ ᠤ ᠰᠣᠶᠣᠯ ᠤᠨ ᠣᠷᠳᠣᠨ ᠤ ᠦᠵᠡᠰᠬᠦᠯᠡᠩ ᠤᠨ ᠲᠦᠪ ᠤᠨ ᠵᠢᠷᠤᠭ ᠲᠥᠯᠥᠪᠯᠡᠭᠡ ᠶᠢᠨ ᠲᠥᠰᠦᠯ ᠢ ᠨᠠᠷᠢᠨ ᠲᠠᠨᠢᠯᠴᠠᠭᠤᠯᠵᠤ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠡᠷᠳᠡᠮᠳᠡᠳ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃      ᠬᠤᠷᠠᠯ ᠠᠴᠠ᠂ ᠰᠤᠷᠪᠤᠯᠵᠢ ᠪᠢᠴᠢᠭ ᠢ ᠬᠠᠮᠠᠭᠠᠯᠠᠬᠤ ᠠᠵᠢᠯ ᠢ ᠲᠣᠰ ᠭᠠᠵᠠᠷ ᠣᠷᠣᠨ ᠤ ᠪᠠᠨ ᠰᠣᠶᠣᠯ ᠢᠷᠭᠡᠨᠰᠢᠯ᠂ ᠪᠠᠶᠢᠭᠠᠯᠢ᠂ ᠲᠡᠦᠬᠡ ᠲᠠᠢ ᠭᠦᠨᠵᠡᠭᠡᠶ ᠠᠭᠤᠰᠤᠯᠴᠠᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠪᠠᠷᠢᠯ ᠢᠶᠠᠷ ᠬᠠᠮᠠᠭᠠᠯᠠᠵᠤ᠂ ᠡᠭᠦᠨ ᠤ ᠤᠯᠠᠮ ᠢᠶᠠᠷ ᠡᠯ᠎ᠡ ᠦᠨᠳᠦᠰᠦᠲᠡᠨ ᠤ  ᠰᠤᠷᠪᠤᠯᠵᠢ ᠪᠢᠴᠢᠭ ᠤᠨ ᠰᠣᠶᠣᠯ ᠢ ᠠᠮᠢᠯᠠᠭᠤᠯᠤᠨ ᠳᠡᠯᠭᠡᠷᠡᠭᠦᠯᠵᠦ᠂ ︽ᠰᠤᠷᠪᠤᠯᠵᠢ ᠪᠢᠴᠢᠭ ᠢ ᠬᠠᠮᠠᠭᠠᠯᠠᠬᠤ︾᠎ ᠶᠢ ᠮᠠᠨ ᠤ ᠬᠤᠰᠢᠭᠤ ᠴᠢᠨᠠᠭᠰᠢᠯᠠᠪᠠᠯ ᠥᠪᠥᠷ ᠮᠣᠩᠭᠤᠯ ᠤᠨ ᠨᠡᠷ᠎ᠡ ᠶᠢᠨ ᠬᠠᠭᠤᠳᠠᠰᠤ ᠶᠢᠨ ᠢᠨᠵᠧᠨᠧᠷᠢᠩ ᠪᠣᠯᠭᠠᠬᠤ ᠬᠡᠷᠡᠭᠲᠡᠶ᠃ ᠲᠤᠰᠬᠠᠢ ᠮᠡᠷᠭᠡᠵᠢᠯᠲᠡᠨ ᠡᠷᠳᠡᠮᠲᠡᠨ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠣᠷᠣᠨ ᠨᠤᠲᠤᠭ ᠤᠨ ︽ᠰᠤᠷᠪᠤᠯᠵᠢ ᠪᠢᠴᠢᠭ ᠤᠨ ᠰᠣᠶᠣᠯ ᠤᠨ ᠨᠢᠭᠤᠴᠠ︾᠎ ᠶᠢ ᠤᠯᠠᠮ ᠴᠢᠨᠠᠭᠰᠢᠳᠠ ᠠᠭᠤᠳᠠᠯᠤᠨ ᠤᠯᠠᠮᠵᠢᠯᠠᠵᠤ᠂ ᠰᠤᠷᠪᠤᠯᠵᠢ ᠪᠢᠴᠢᠭ ᠢ ᠰᠠᠶᠢᠲᠤᠷ ᠬᠠᠮᠠᠭᠠᠯᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭ ᠦᠨᠳᠦᠰᠦ ᠶᠢ ᠦᠯᠡᠳᠡᠭᠡᠬᠦ ᠬᠡᠷᠡᠭᠲᠡᠢ᠃ ︽ᠰᠤᠷᠪᠤᠯᠵᠢ ᠪᠢᠴᠢᠭ︾᠎ ᠤᠨ ᠠᠵᠢᠯ ᠤᠨ ᠲᠤᠬᠠᠢ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠩᠭᠤᠵᠢᠭᠰᠠᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠪᠠᠷᠠᠭᠤᠨ ᠪᠡᠶ᠎ᠡ ᠶᠢᠨ ᠣᠷᠣᠨ ᠤ ︽ᠰᠤᠷᠪᠤᠯᠵᠢ ᠪᠢᠴᠢᠭ ᠤᠨ ᠬᠠᠮᠠᠭᠠᠯᠠᠯᠲᠠ︾᠎ ᠶᠢᠨ ᠰᠢᠨ᠎ᠡ ᠰᠠᠭᠤᠷᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠬᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠵᠢᠴᠢ ᠪᠤᠰᠤᠳ ᠮᠤᠵᠢ ᠣᠷᠣᠨ᠂ ᠬᠤᠲᠠ᠂ ᠬᠤᠰᠢᠭᠤᠨ ᠤ ᠬᠤᠯᠪᠤᠬᠳᠠᠯ ᠪᠥᠬᠦᠶ ᠬᠠᠷᠢᠭᠤᠴᠠᠯᠭᠠᠲᠠᠨ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃              
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ