ᠠᠯᠲᠠᠨᠰᠢᠷᠡᠭᠡ ᠪᠠᠯᠭᠠᠰᠤ ᠪᠣᠯᠤᠨ ᠤᠯᠠᠭᠠᠨᠮᠦ᠋ᠷᠡᠨ ᠲᠣᠰᠬᠤᠨ ᠳᠤ ᠪᠥᠬᠦ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠦᠷᠨᠢᠬᠦᠯᠪᠡ
ᠨᠡᠶᠢᠲᠡᠯᠡᠭᠰᠡᠨ ᠴᠠᠭ᠄
2022/10/10
     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠯ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 4᠎ ᠤ ᠡᠳᠦᠷ ᠠᠴᠠ ᠡᠬᠢᠯᠡᠨ ᠮᠠᠨ ᠤ ᠬᠤᠰᠢᠭᠤ ᠠᠯᠲᠠᠨᠰᠢᠷᠡᠭᠡ ᠪᠠᠯᠭᠠᠰᠤ ᠪᠣᠯᠤᠨ ᠤᠯᠠᠭᠠᠨᠮᠦ᠋ᠷᠡᠨ ᠪᠠᠯᠭᠠᠰᠤᠨ ᠤ ᠬᠡᠪᠴᠢᠶᠡᠨ ᠳᠠᠬᠢ ᠪᠥᠬᠦ ᠭᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠨᠢᠭᠡᠪᠦᠷᠢ ᠠᠴᠠ ᠥᠯᠢᠭᠡᠷ ᠠᠪᠤᠬᠰᠠᠨ ᠪᠠᠶᠢᠨ᠎ᠠ᠃      ᠠᠯᠳᠠᠨᠰᠢᠷᠡᠭᠡ ᠪᠠᠯᠭᠠᠰᠤ ᠶᠢᠨ ᠵᠢᠶᠦ᠋ᠨ ᠸᠠᠩ ᠤᠳᠤ ᠦᠶ᠎ᠡ ᠶᠢᠨ ᠬᠤᠳᠠ ᠶᠢᠨ ᠰᠠᠭᠤᠭᠠᠯᠢ ᠠᠷᠠᠳ ᠤᠨ ᠲᠣᠭᠤᠷᠢᠭ ᠪᠠ ᠮᠢᠩ ᠵᠦ ᠬᠤᠸᠠ ᠶᠤᠸᠠᠨ B ᠰᠠᠭᠤᠭᠠᠯᠢ ᠠᠷᠠᠳ ᠤᠨ ᠲᠣᠭᠤᠷᠢᠭ ᠲᠤ᠂ ᠰᠠᠭᠤᠭᠠᠯᠢ ᠠᠷᠠᠳ ᠬᠠᠯᠠᠭᠤᠨ ᠨᠡᠷᠡᠨ ᠤ ᠳᠣᠣᠷ᠎ᠠ ᠮᠥᠷᠯᠡᠨ ᠵᠣᠭᠰᠣᠵᠤ᠂ ᠺᠣᠳ᠋ ᠰᠢᠷᠪᠢᠨ ᠰᠢᠯᠭᠠᠨ ᠪᠠᠶᠢᠴᠠᠭᠠᠯᠭᠠᠵᠤ᠂ ᠴᠠᠭ ᠪᠠᠴᠢᠮ᠂ ᠡᠭᠦᠷᠭᠡ ᠬᠦᠨᠳᠦ ᠪᠠᠶᠢᠭ᠎ᠠ ᠶᠡᠭᠡ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠡᠮᠦᠨ᠎ᠡ᠂ ᠡᠮᠴᠢ ᠰᠤᠪᠢᠯᠠᠭᠴᠢᠳ ᠶᠠᠭᠠᠷᠠᠯᠳᠠᠢ ᠠᠵᠢᠯᠯᠠᠵᠦ᠂ ᠨᠡᠶᠢᠭᠡᠮ ᠲᠣᠭᠤᠷᠢᠭ ᠤᠨ ᠠᠵᠢᠯᠳᠠᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠫᠠᠨᠢ ᠶᠢᠨ ᠠᠵᠢᠯᠳᠠᠨ ᠪᠣᠯᠤᠨ ᠣᠶᠤᠲᠠᠨ ᠰᠠᠶᠢᠨ ᠲᠤᠷᠠᠴᠤᠤᠯ᠂ ᠰᠢᠯᠭᠠᠨ ᠪᠠᠶᠢᠴᠠᠭᠠᠯᠲᠠ ᠳᠤ ᠣᠷᠣᠯᠴᠠᠬᠤ ᠬᠥᠮᠦᠰ ᠢ ᠨᠠᠷᠢᠨ ᠬᠢᠨᠠᠮᠠᠭᠠᠢ ᠵᠢᠯᠣᠭᠤᠳᠤᠨ ᠠᠮᠠᠪᠴᠢ ᠵᠡᠭᠦᠯᠭᠡᠵᠦ᠂ ᠡᠮᠬᠢ ᠴᠡᠭᠴᠡ ᠲᠠᠢ ᠮᠥᠷᠯᠡᠭᠦᠯᠵᠦ᠂ ᠠᠮᠤᠷ ᠲᠦᠪᠰᠢᠨ ᠤ ᠵᠠᠢ ᠶᠢ ᠪᠠᠳᠤᠯᠠᠨ᠂ ᠰᠢᠯᠭᠠᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠳᠤᠯᠠᠵᠦ  ᠪᠠᠶᠢᠪᠠ᠃      ᠠᠯᠳᠠᠨᠰᠢᠷᠡᠭᠡ ᠪᠠᠯᠭᠠᠰᠤ ᠶᠢᠨ ᠲᠤᠩᠭᠠᠯᠠᠭ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠾᠧ ᠯᠢ ᠮᠧᠢ ᠰᠤᠷᠪᠤᠯᠵᠢᠯᠠᠬᠴᠢ ᠳᠤ  ᠄《 ᠮᠠᠨ ᠤ ᠲᠤᠩᠭᠠᠯᠠᠭ ᠨᠡᠶᠢᠭᠡᠮ ᠲᠣᠭᠤᠷᠢᠭ ᠤᠨ ᠲᠤᠰ ᠤᠳᠠᠭ᠎ᠠ ᠶᠢᠨ ᠪᠦᠬᠦ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠳᠤ 10 ᠦᠯᠢᠭᠡᠷ ᠠᠪᠬᠤ ᠴᠡᠭ  ᠂ 16 ᠦᠯᠢᠭᠡᠷ ᠠᠪᠬᠤ ᠲᠠᠪᠴᠠᠩ ᠲᠤᠬᠢᠷᠠᠭᠤᠯᠤᠬᠰᠠᠨ ᠪᠠᠶᠢᠨ᠎ᠠ᠃ ᠲᠤᠰ ᠤᠳᠠᠭ᠎ᠠ ᠶᠢᠨ ᠪᠦᠬᠦ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢ ᠡᠮᠬᠢ ᠵᠢᠷᠤᠮ ᠲᠠᠢ ᠰᠠᠶᠢᠲᠤᠷ ᠥᠷᠨᠢᠭᠦᠯᠬᠦ ᠶᠢᠨ ᠲᠥᠯᠥᠭᠡ᠂ ᠮᠠᠨ ᠤ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠠᠵᠤ ᠠᠬᠤᠶᠢᠯᠠᠯ ᠠᠵᠢᠯ ᠦᠢᠯᠡᠰ ᠤᠨ ᠬᠠᠮᠲᠤ ᠪᠠᠷ ᠪᠥᠲᠥᠭᠡᠨ ᠪᠠᠶᠢᠭᠤᠯᠬᠤ ᠪᠠᠶᠢᠭᠤᠯᠭ᠎ᠠ ᠨᠢᠭᠡᠴᠢ ᠶᠢᠨ ᠰᠠᠶᠢᠨ ᠲᠤᠷᠠᠴᠤᠳ ᠢ ᠳᠠᠶᠢᠴᠢᠯᠠᠵᠤ᠂ ᠰᠠᠭᠤᠭᠠᠯᠢ ᠠᠷᠠᠳ ᠤᠨ ᠲᠥᠯᠥᠭᠡᠯᠡᠭᠴᠢ ᠰᠠᠶᠢᠨ ᠲᠤᠷᠠᠴᠤᠳ ᠂ ᠨᠠᠮ ᠤᠨ ᠭᠡᠰᠢᠭᠦᠨ ᠰᠠᠶᠢᠨ ᠲᠤᠷᠠᠴᠤᠳ᠂ ᠠᠳᠠᠯ ᠠᠬᠤᠶ ᠶᠢᠨ ᠺᠣᠮᠫᠠᠨᠢ  ᠬᠠᠮᠲᠤ ᠪᠠᠷ ᠣᠷᠣᠯᠴᠠᠵᠤ᠂ ᠡᠮᠬᠢ ᠳᠢᠭᠯᠢᠮ ᠢ ᠪᠠᠳᠤᠯᠠᠨ᠂ ᠲᠣᠰ ᠤᠳᠠᠭᠠᠨ ᠤ ᠪᠥᠬᠦ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢ ᠰᠠᠶᠢᠲᠤᠷ ᠬᠢᠭᠰᠡᠨ ᠪᠠᠶᠢᠨ᠎ᠠ᠂ ᠵᠠᠯᠭᠠᠭᠠᠳ ᠮᠠᠨ ᠤ ᠨᠡᠶᠢᠭᠡᠮ ᠲᠣᠭᠤᠷᠢᠭ ᠤᠨ ᠬᠢᠨ ᠬᠢᠵᠢᠭ ᠤᠨ ᠪᠠᠶᠢᠳᠠᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠤᠬᠠᠭᠤᠯᠵᠤ᠂ ᠰᠠᠭᠤᠭᠠᠯᠢ ᠠᠷᠠᠳ ᠢ ᠴᠤᠭᠯᠠᠷᠠᠭᠤᠯᠬᠤ ᠥᠬᠡᠶ ᠪᠠᠶᠢᠬᠤ ᠶᠢ  ᠪᠠᠳᠤᠯᠠᠬᠤ ᠎ ᠪᠠᠷ ᠪᠠᠶᠢᠨ᠎ᠠ 》 ᠭᠡᠪᠡ᠃      ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠠᠷᠭ᠎ᠠ ᠵᠠᠮ ᠢ ᠴᠠᠭ ᠲᠤᠬᠠᠶ ᠳᠤ ᠨᠢ ᠲᠡᠰᠦᠯᠵᠦ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ᠂  ᠮᠠᠨ ᠤ ᠬᠤᠰᠢᠭᠤ ᠠᠯᠲᠠᠨᠰᠢᠷᠡᠭᠡ ᠪᠠᠯᠭᠠᠰᠤ᠂ ᠤᠯᠠᠭᠠᠨᠮᠦ᠋ᠷᠡᠨ ᠲᠣᠰᠬᠤᠨ ᠳᠤ ᠪᠦᠬᠦ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢ ᠥᠷᠨᠢᠭᠦᠯᠵᠦ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃                
ᠢᠷᠡᠯᠲᠡ᠄ ᠲᠣᠲᠣᠷᠬᠠᠢ ᠦᠭᠡᠢ