ᠴᠠᠩ ᠫᠧᠩ ᠹᠸᠢ ᠨᠠᠷ ᠮᠠᠨ ᠤ ᠬᠤᠰᠢᠭᠤᠨ ᠳᠤ ᠢᠷᠡᠵᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/10/10
     ᠤᠶᠢᠷ᠎ᠠ ᠳᠤ᠂ ᠯᠦᠩ ᠵᠢᠶ ᠺᠣᠮᠫᠠᠨᠢ ᠶᠢᠨ ᠳ᠋ᠢᠶᠠᠨ ᡂᠢ ᠶᠢᠨ ᠡᠵᠡᠩᠨᠡᠯᠲᠡ ᠶᠢᠨ ᠲᠥᠪ ᠤᠨ ᠶᠡᠷᠦᠩᠬᠡᠶ ᠵᠠᠬᠢᠷᠤᠯ ᠴᠠᠩ ᠫᠧᠩ ᠹᠸᠢ ᠨᠠᠷ ᠮᠠᠨ ᠤ ᠬᠤᠰᠢᠭᠤᠨ ᠳᠤ ᠢᠷᠡᠵᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠰᠢᠨᠵᠢᠯᠡᠨ ᠪᠠᠶᠢᠴᠠᠭᠠᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠪᠢᠶᠠᠨ ᠶᠦᠩ ᠰᠢᠶᠠᠩ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃     ᠯᠦᠩ ᠵᠢᠶ ᠪᠤᠬᠢᠷᠳᠤᠯ ᠦᠬᠡᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠵᠤ᠂ ᠲᠥᠷᠥᠯ ᠵᠦᠢᠯ ᠤᠨ ᠭᠡᠷ᠎ᠡ ᠲᠣᠭᠲᠠᠬᠤ᠂ ᠪᠠᠷᠢᠯᠭ᠎ᠠ ᠡᠬᠢᠯᠡᠭᠰᠡᠨ ᠠᠴᠠ ᠨᠠᠭᠠᠰᠢ᠂ ᠮᠠᠨ ᠤ ᠬᠤᠰᠢᠭᠤ ᠲᠥᠷᠥᠯ ᠵᠦᠢᠯ ᠤᠨ ᠤᠷᠤᠭᠰᠢᠲᠠᠶ ᠠᠭᠢᠬᠤ ᠶᠢ ᠪᠠᠲᠤᠯᠠᠬᠤ᠂ ᠬᠠᠩᠭᠠᠭᠰᠠᠨ ᠬᠦᠴᠦᠲᠡᠶ ᠳᠡᠮᠵᠢᠯᠭᠡ ᠪᠠ ᠬᠠᠷᠢᠭᠤᠴᠠᠯᠭ᠎ᠠ ᠡᠭᠦᠷᠭᠡᠯᠡᠯ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ᠂ ᠬᠠᠮᠵᠢᠯᠴᠠᠭᠠᠨ ᠤ ᠦᠷ᠎ᠡ ᠪᠦᠲᠦᠮᠵᠢ ᠶᠢ ᠥᠷᠭᠡᠳᠬᠡᠬᠦ ᠲᠤᠬᠠᠶ ᠰᠠᠨᠠᠯ ᠰᠠᠨᠠᠭᠤᠯᠭ᠎ᠠ  ᠎ ᠪᠠᠨ ᠰᠣᠯᠢᠯᠴᠠᠵᠠᠶ᠃      ᠬᠤᠶᠠᠷ ᠲᠠᠯ᠎ᠠ ᠪᠠᠷ ᠢᠶᠠᠨ᠂ ᠣᠲᠣ ᠶᠢᠨ ᠪᠠᠶᠢᠭ᠎ᠠ ᠬᠠᠮᠲᠤᠷᠠᠯᠴᠠᠭᠠᠨ ᠤ ᠲᠥᠷᠥᠯ ᠵᠦᠢᠯ ᠤᠨ ᠠᠬᠢᠴᠠ ᠶᠢ ᠲᠦᠷᠭᠡᠳᠬᠡᠭᠰᠡᠨ ᠰᠠᠭᠤᠷᠢᠨ ᠳᠡᠭᠡᠷ᠎ᠡ᠂ ᠰᠣᠯᠢᠯᠴᠠᠭ᠎ᠠ ᠨᠡᠪᠲᠡᠷᠡᠯᠴᠡᠭᠡ ᠪᠠᠨ ᠦᠷᠭᠦᠯᠵᠢᠯᠡᠨ ᠴᠢᠩᠭᠠᠳᠬᠠᠵᠤ᠂ ᠠᠵᠠ ᠲᠣᠬᠢᠶᠠᠯ ᠢ ᠢᠳᠡᠪᠬᠢᠲᠡᠶ ᠠᠮᠵᠢᠨ᠂ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠲᠠ ᠥᠬᠡᠶ ᠥᠷᠭᠡᠳᠬᠡᠵᠦ᠂ ᠴᠢᠨᠠᠷ ᠰᠠᠶᠢᠲᠠᠶ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠦᠶ᠎ᠡ ᠭᠡᠵᠦ ᠰᠠᠨᠠᠯ ᠨᠢᠭᠡᠲᠡᠶ ᠢᠯᠡᠳᠬᠡᠪᠡ᠃     ᠣᠶᠢᠯᠠᠭᠠᠭᠰᠠᠨ ᠢᠶᠠᠷ᠂ ᠯᠦᠩ ᠵᠢᠶ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ  ᠵᠦᠢᠯ ᠤᠨ ᠡᠵᠡᠯᠡᠬᠦ ᠲᠠᠯᠠᠪᠠᠶ ᠨᠢ ᠪᠠᠷᠤᠭ 2000 ᠮᠥ ᠪᠠᠶᠢᠵᠤ᠂ ᠭᠤᠤᠯᠳᠠᠭᠤ ︽ᠵᠢᠯ ᠳᠤ 20 GW ᠲᠠᠩ ᠲᠠᠯᠠᠰᠲᠤ ᠴᠠᠬᠢᠭᠤᠷ ᠡᠰᠢ ᠪᠠ ᠬᠡᠷᠴᠢᠮᠡᠯ᠂ 30 GW ᠥᠨᠳᠥᠷ ᠪᠦᠲᠦᠮᠵᠢᠲᠡᠶ ᠲᠠᠩ ᠲᠠᠯᠠᠰᠲᠤ ᠳ᠋ᠢᠶᠠᠨ ᡂᠢ᠂ 5 GW ᠥᠨᠳᠥᠷ ᠪᠦᠲᠦᠮᠵᠢᠲᠡᠶ ᠬᠡᠷᠡᠯ ᠴᠡᠨᠡᠭ ᠤᠨ ᠲᠣᠨᠣᠭᠯᠠᠯ ᠦᠢᠯᠡᠳᠪᠦᠷᠢᠯᠡᠬᠦ︾᠎   ᠦᠢᠯᠡᠳᠪᠦᠷᠢ ᠶᠢ ᠪᠠᠶᠢᠭᠤᠯᠵᠦ᠂ ᠲᠥᠷᠥᠯ ᠵᠦᠢᠯ ᠨᠢ 4 ᠳ᠋ᠦ᠋ᠭᠡᠷ ᠰᠠᠷ᠎ᠠ ᠶᠢᠨ 8᠎ ᠤ ᠡᠳᠦᠷ ᠵᠢᠩᠬᠢᠨᠢ ᠪᠠᠷ ᠪᠠᠷᠢᠯᠭ᠎ᠠ ᠡᠬᠢᠯᠡᠵᠦ᠂ 2023 ᠣᠨ ᠳᠤ ᠬᠡᠰᠡᠭ ᠦᠢᠯᠡᠳᠪᠦᠷᠢᠯᠡᠯ ᠤᠨ ᠴᠢᠳᠠᠪᠤᠷᠢ ᠶᠢ ᠪᠡᠶᠡᠯᠡᠬᠦᠯᠦᠨ᠂ 2024 ᠣᠨ ᠳᠤ ᠪᠥᠬᠦ ᠲᠠᠯ᠎ᠠ ᠪᠠᠷ ᠠᠰᠢᠬᠯᠠᠯᠳᠠ ᠳᠤ ᠤᠷᠤᠭᠤᠯᠬᠤ ᠪᠠᠷ ᠲᠥᠯᠥᠪᠯᠡᠵᠦ ᠪᠠᠶᠢᠨ᠎ᠠ᠃                      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ