ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ ᠫᠢᠡᠭ ᠶᠠᠩ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠲᠠᠢ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/10/10
     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠡᠤ ᠶᠦᠨ ᠪᠣᠯᠤᠨ ᠲᠠᠢ ᠫᠢᠡᠭ ᠶᠠᠩ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠵᠤᠸᠠᠩ ᠶᠠᠨ ᠰᠢᠰᠲ᠋ᠧᠮ ᠤᠨ ᠶᠡᠷᠦᠩᠬᠡᠶ ᠵᠠᠬᠢᠷᠤᠯ  ᠂ ᠲᠦᠷᠦᠬᠦᠦ ᠡᠵᠡᠩᠨᠡᠡᠯᠳᠡ ᠶᠢᠨ ᠲᠠᠷᠤᠭ᠎ᠠ᠂ ᠯᠠᠨ ᠪᠥᠸᠧ ᠸᠠᠨ ᠰᠣᠶᠣᠯ ᠵᠢᠭᠤᠯᠴᠢᠯᠠᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠭᠦᠸᠧ ᠯᠢᠶᠠᠩ ᠨᠠᠷ ᠶᠠᠷᠢᠯᠴᠠᠬᠤ ᠬᠤᠷᠠᠯ ᠬᠢᠪᠠ᠃      ᠭᠦᠸᠧ ᠯᠢᠶᠠᠩ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠲᠤᠬᠠᠶᠢᠯᠠᠭᠰᠠᠨ ᠠᠵᠢᠯ ᠤᠨ ᠬᠦᠷᠢᠶ᠎ᠡ ᠵᠢᠴᠢ ᠺᠣᠮᠫᠠᠨᠢ ᠶᠢᠨ ᠳᠠᠪᠠᠭᠤᠯᠢᠭ ᠢ ᠲᠠᠨᠢᠯᠴᠠᠭᠤᠯᠪᠠ᠃ ᠲᠡᠷᠡ᠂ ᠡᠵᠡᠨ ᠬᠤᠷᠤᠭ᠎ᠠ ᠬᠤᠰᠢᠭᠤᠨ ᠤ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠬᠦᠨ ᠵᠤᠵᠠᠭᠠᠨ᠂ ᠬᠠᠮᠲᠤᠷᠠᠯᠴᠠᠭᠠᠨ ᠤ ᠣᠷᠣᠨ ᠵᠠᠶ ᠥᠷᠭᠡᠨ ᠠᠭᠤᠳᠠᠮ ᠪᠠᠶᠢᠵᠤ᠂ ᠠᠵᠤ ᠠᠬᠤᠶᠢᠯᠠᠯ ᠤᠨ ᠡᠬᠢ ᠪᠠᠶᠠᠯᠢᠭ᠂ ᠣᠶᠤᠨ ᠤ ᠬᠥᠮᠥᠷᠭᠡ᠂ ᠬᠥᠷᠥᠩᠭᠡ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠪᠥᠬᠦ ᠲᠠᠯ᠎ᠠ ᠶᠢᠨ᠂ ᠣᠯᠠᠨ ᠬᠦᠷᠢᠶᠡᠨ ᠤ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠵᠡᠨ ᠬᠤᠷᠤᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃     ᠡᠤ ᠶᠦᠨ ᠭᠦᠸᠧ ᠯᠢᠶᠠᠩ ᠨᠠᠷ ᠤᠨ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠨ ᠬᠥᠭᠵᠢᠬᠦ ᠶᠢ ᠬᠠᠮᠲᠤ ᠪᠠᠷ ᠰᠦᠪᠡᠭᠴᠢᠯᠡᠭᠰᠡᠨ ᠳᠤ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠭᠰᠡᠨ ᠤ ᠬᠠᠮᠲᠤ ᠮᠠᠨ ᠤ ᠬᠤᠰᠢᠭᠤᠨ ᠤ ᠦᠨᠳᠦᠰᠦᠨ ᠪᠠᠶᠢᠳᠠᠯ ᠢ ᠲᠣᠪᠴᠢ ᠲᠠᠨᠢᠯᠴᠠᠭᠤᠯᠪᠠ᠃ ᠡᠤ ᠶᠦᠨ᠂ ᠣᠳᠣᠬᠠᠨ ᠳᠤ᠂  ᠮᠠᠨ ᠤ ᠬᠤᠰᠢᠭᠤ ᠶᠠᠭ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠰᠢᠵᠢᠷ ᠠᠯᠲᠠᠨ ᠬᠥᠭᠵᠢᠯᠲᠡ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠰᠢᠨᠵᠢᠯᠡᠨ ᠪᠠᠶᠢᠴᠠᠭᠠᠬᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠣᠯᠣᠯᠴᠠᠭ᠎ᠠ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠠ ᠲᠣᠬᠢᠶᠠᠯ ᠢ ᠠᠮᠵᠢᠵᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂  ᠠᠷᠠᠯᠵᠢᠶᠠᠴᠢᠨ ᠤᠷᠢᠵᠤ ᠣᠶᠤᠨ ᠤᠬᠠᠭᠠᠨ ᠣᠷᠣᠭᠤᠯᠬᠤ ᠪᠠ ᠴᠢᠨᠠᠷ ᠰᠠᠶᠢᠲᠠᠶ ᠬᠥᠭᠵᠢᠯᠲᠡ ᠵᠡᠷᠭᠡ ᠲᠠᠯ᠎ᠠ ᠪᠠᠷ ᠨᠠᠩ ᠣᠯᠠᠨ ᠨᠡᠶᠢᠯᠡᠯ ᠴᠡᠭ ᠡᠷᠢᠵᠦ᠂ ᠬᠤᠶᠠᠷ ᠲᠠᠯ᠎ᠠ ᠶᠢᠨ ᠥᠨᠳᠥᠷ ᠪᠦᠲᠦᠮᠵᠢᠲᠡᠶ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠷᠮᠠᠶᠢᠨ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠮᠡᠨᠳᠦᠪᠠᠶᠠᠷ ᠵᠢᠴᠢ ᠮᠸᠡᠭ ᠰᠤ᠋ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ