ᠪᠥᠬᠦ ᠬᠤᠰᠢᠭᠤᠨ ᠤ ᠬᠤᠷᠢᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠢᠯᠡᠳᠦᠯᠭᠡ ᠶᠢᠨ ᠠᠵᠢᠯᠯᠠᠬᠤ ᠦᠷᠦᠭᠡ ᠶᠢᠨ ᠦᠵᠡᠬᠦᠯᠦᠯᠭᠡ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/10/10
     ᠪᠥᠬᠦ ᠬᠤᠰᠢᠭᠤᠨ ᠤ ᠬᠤᠷᠢᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠢᠯᠡᠳᠦᠯᠭᠡ ᠶᠢᠨ ᠠᠵᠢᠯᠯᠠᠬᠤ ᠦᠷᠦᠭᠡ ᠶᠢᠨ ᠦᠵᠡᠬᠦᠯᠦᠯᠭᠡ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠬᠤᠰᠢᠭᠤᠨ ᠳᠠᠬᠢ ᠬᠤᠪᠢᠶᠠᠷᠢ ᠰᠤᠷᠭᠠᠭᠤᠯᠢ ᠳᠤ ᠶᠠᠪᠤᠭᠳᠠᠵᠤ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠶᠢᠨ ᠲᠠᠮᠢᠷ ᠤᠨ ᠴᠤᠭᠯᠠᠭᠠᠨ ᠨᠢ 2 ᠡᠳᠦᠷ ᠶᠠᠪᠤᠭᠳᠠᠵᠤ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭᠰᠢ ᠠᠵᠢᠯᠲᠠᠨ ᠭᠡᠵᠦ 3 ᠳᠤᠭᠤᠶᠢᠯᠠᠩ ᠬᠤᠪᠢᠶᠠᠨ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ 477 ᠪᠠᠭᠰᠢ ᠰᠣᠷᠣᠭᠴᠢ ᠤᠷᠤᠯᠳᠤᠭᠠᠨ ᠤ 55 ᠲᠥᠷᠥᠯ ᠵᠦᠢᠯ ᠳᠤ ᠤᠷᠤᠯᠴᠠᠵᠦ᠂ ᠲᠠᠮᠢᠷᠴᠢᠳ ᠤᠷᠤᠯᠳᠤᠭᠠᠨ ᠤ ᠲᠠᠯᠠᠪᠤᠷ ᠲᠤ ᠭᠠᠪᠰᠢᠭᠠᠶᠢᠯᠠᠨ ᠲᠡᠮᠡᠴᠡᠵᠦ᠂ ᠴᠤᠭ ᠵᠢᠪᠬᠤᠭ᠎ᠠ ᠪᠠᠨ ᠭᠦᠢᠴᠡᠳ ᠢᠯᠡᠷᠡᠭᠦᠯᠪᠡ᠃      ᠡᠭᠦᠨ ᠤ ᠬᠠᠮᠲᠤ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠢᠯᠡᠳᠦᠯᠭᠡ ᠶᠢᠨ ᠠᠵᠢᠯᠯᠠᠬᠤ ᠦᠷᠦᠭᠡ ᠶᠢᠨ ᠦᠵᠡᠬᠦᠯᠦᠯᠭᠡ ᠳᠤ ᠴᠦ ᠮᠠᠰᠢ ᠣᠯᠠᠨ ᠪᠠᠭᠰᠢ ᠰᠤᠷᠤᠭᠴᠢᠳ ᠣᠷᠣᠯᠴᠠᠭᠰᠠᠨ ᠪᠠᠶᠢᠨ᠎ᠠ᠃ ᠴᠠᠭᠠᠰᠤᠨ ᠬᠠᠶᠢᠴᠢᠯᠠᠮᠠᠯ᠂ ᠭᠤᠯᠢᠷ ᠪᠠᠷᠢᠮᠠᠯ ︵ᠰᠢᠪᠠᠷ ᠪᠠᠷᠢᠮᠠᠯ︶᠂  ᠪᠠᠷ ᠵᠢᠷᠤᠭ᠂ ᠬᠢᠲᠠᠳ ᠵᠢᠷᠤᠭ ᠵᠡᠷᠭᠡ ᠭᠠᠵᠠᠷ ᠣᠷᠣᠨ ᠤ ᠣᠨᠴᠠᠯᠢᠭ᠂ ᠦᠨᠳᠦᠰᠦᠲᠡᠨ ᠤ ᠣᠨᠴᠠᠯᠢᠭ ᠲᠠᠢ ᠮᠠᠰᠢ ᠣᠯᠠᠨ ᠰᠢᠯᠢᠳᠡᠭ ᠪᠦᠲᠦᠭᠡᠯ ᠨᠢ ᠰᠤᠷᠤᠭᠴᠢᠳ ᠤᠨ ᠰᠢᠯᠢᠳᠡᠭ ᠤᠯᠠᠮᠵᠢᠯᠠᠯᠲᠤ ᠰᠣᠶᠣᠯ ᠳᠠᠬᠢ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠤᠯᠠᠮᠵᠢᠯᠠᠵᠤ᠂ ᠲᠡᠳᠡᠨ ᠤ ᠡᠯᠪᠡᠭ ᠪᠠᠶᠠᠯᠢᠭ ᠦᠵᠡᠯ ᠰᠠᠨᠠᠭᠠᠨ ᠤ ᠠᠭᠤᠯᠤᠭᠳᠠᠬᠤᠨ ᠪᠠ ᠥᠪᠡᠷᠮᠢᠴᠡ ᠤᠷᠠᠯᠢᠭ ᠤᠨ ᠤᠬᠠᠪᠤᠷᠢ ᠶᠢ ᠢᠯᠡᠷᠡᠭᠦᠯᠦᠭᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠶᠢ ᠦᠷᠨᠢᠬᠦᠯᠦᠭᠰᠡᠨ ᠨᠢ ᠮᠠᠨ ᠤ ᠬᠤᠰᠢᠭᠤᠨ ᠤ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠠᠬᠢᠭᠤᠯᠤᠭᠰᠠᠨ ᠤ ᠨᠢᠭᠡ ᠤᠳᠠᠭᠠᠨ ᠤ ᠲᠥᠪᠯᠡᠷᠡᠩᠭᠦᠶ ᠢᠯᠡᠷᠡᠯ ᠮᠥᠨ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠦᠷᠭᠦᠯᠵᠢᠯᠡᠨ ︽ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ᠂ ᠲᠠᠪᠤᠨ ᠬᠥᠮᠦᠵᠢᠯ ᠢ ᠵᠡᠷᠭᠡᠪᠡᠷ ᠬᠥᠭᠵᠢᠭᠦᠯᠬᠦ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠰᠤᠷᠤᠭᠴᠢᠳ ᠲᠤ ᠡᠯᠪᠡᠭ ᠪᠠᠶᠠᠯᠢᠭ ᠠᠵᠢᠯᠯᠠᠭᠠᠨ ᠤ ᠲᠠᠪᠴᠠᠩ ᠪᠠᠶᠢᠭᠤᠯᠤᠨ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂  ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠬᠰᠠᠨ ᠪᠠᠶᠢᠨ᠎ᠠ᠃                                        
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ