ᠪᠥᠬᠦ ᠬᠤᠰᠢᠭᠤᠨ ᠤ ᠨᠢᠭᠡᠳᠦᠭᠡᠷ ᠱᠦᠵᠢ ᠪᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠤᠰᠬᠠᠶ ᠰᠡᠳᠦᠪᠲᠦ ᠪᠣᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2022/10/10
     ᠤᠶᠢᠷ᠎ᠠ ᠳᠤ᠂ ᠬᠤᠰᠢᠭᠤᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠳᠠᠭᠠᠭᠠᠴᠢᠯᠠᠨ ᠬᠤᠯᠪᠤᠭᠠᠯᠠᠬᠤ ᠠᠯᠪᠠᠨ ᠭᠡᠷ ᠎ ᠠᠴᠠ ᠭᠤᠤᠯᠯᠠᠨ ᠡᠷᠬᠢᠯᠡᠭᠰᠡᠨ ᠪᠥᠬᠦ ᠬᠤᠰᠢᠭᠤᠨ ᠤ ᠨᠢᠭᠡᠳᠦᠭᠡᠷ ᠱᠦᠵᠢ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠲᠤᠰᠠᠯᠠᠬᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠤᠰᠬᠠᠶ ᠰᠡᠳᠦᠪᠲᠦ ᠪᠣᠯᠪᠠᠰᠤᠷᠠᠯ ᠶᠠᠪᠤᠬᠳᠠᠵᠦ᠂ 200 ᠭᠠᠷᠤᠶ ᠬᠥᠮᠦᠨ ᠤᠷᠤᠯᠴᠠᠬᠰᠠᠨ ᠪᠠᠶᠢᠨ᠎ᠠ᠃      ᠭᠤᠷᠪᠠᠨ ᠡᠳᠦᠷ ᠤᠨ ᠬᠤᠭᠤᠴᠠᠭ᠎ᠠ ᠲᠠᠢ ᠪᠤᠯᠪᠠᠰᠤᠷᠠᠯ ᠳᠤ᠂ ᠡᠯᠧᠺᠲᠷᠣᠨ ᠬᠤᠳᠠᠯᠳᠤᠭᠠᠨ ᠤ ᠬᠦᠷᠢᠶᠡᠨ ᠳᠠᠬᠢ ᠨᠠᠷᠠᠲᠤ ᠯᠧᠺᠲ᠋ᠣᠷ ᠵᠠᠩ ᠬᠠᠶ ᠴᠢᠩ ᠡᠯᠧᠺᠲᠷᠣᠨ ᠬᠤᠳᠠᠯᠳᠤᠭᠠᠨ ᠤ ᠰᠠᠭᠤᠷᠢ ᠮᠡᠳᠡᠯᠭᠡ᠂ ᠣᠬᠤᠷ ᠸᠢᠳᠢᠣ᠋ ᠰᠢᠩᠬᠡᠬᠡᠨ ᠦᠢᠯᠡᠳᠬᠦ ᠤᠷ᠎ᠠ ᠮᠡᠷᠭᠡᠵᠢᠯ᠂ ᠰᠦᠯᠵᠢᠶᠡᠨ ᠤ ᠲᠠᠪᠴᠠᠩ ᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠬᠤ ᠵᠡᠷᠭᠡ ᠬᠠᠮᠢᠶ᠎ᠠ ᠪᠥᠬᠦᠶ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠲᠣᠰ ᠭᠠᠵᠠᠷ ᠤᠨ ᠣᠨᠴᠠᠯᠢᠭᠲᠤ ᠦᠢᠯᠡᠳᠬᠦᠨ ᠤ ᠳᠠᠪᠠᠭᠤᠯᠢᠭ ᠢ ᠰᠠᠶᠢᠲᠤᠷ ᠠᠰᠢᠭᠯᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠪᠠᠶᠢᠨ᠎ᠠ᠃              
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ