ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/10/10
     ᠤᠶᠢᠷ᠎ᠠ ᠳᠤ᠂ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ ᠮᠡᠨᠳᠤᠪᠠᠶᠠᠷ᠂ ᠳ᠋ᠠᠩ ᠹᠦ᠋ ᠮᠢᠨ᠂ ᠯᠢᠦ ᠰᠢᠶᠣᠤ ᠳ᠋ᠦᠩ ᠬᠤᠷᠠᠯ ᠳᠤ ᠤᠷᠤᠯᠴᠠᠵᠦ᠂ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ  ᠪᠡᠯᠡᠳᠬᠡᠯ‌ᠠᠵᠢᠯ ᠤᠨ ᠪᠠᠶᠢᠳᠠᠯ ᠪᠣᠯᠤᠨ ᠦᠶᠡᠷ ᠤᠨ ᠬᠤᠭᠤᠴᠠᠭᠠᠨ ᠤ ᠴᠠᠭ ᠠᠭᠤᠷ ᠤᠨ ᠪᠠᠶᠢᠳᠠᠯ ᠢ ᠮᠡᠳᠡᠭᠳᠡᠵᠦ᠂ ᠭᠠᠩ ᠬᠠᠭᠰᠠᠷᠠᠭᠠᠨ ᠲᠠᠢ ᠲᠡᠮᠡᠴᠡᠬᠦ IV ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠬᠡᠷᠡᠭᠵᠢᠬᠦᠯᠦᠨ ᠡᠬᠢᠯᠡᠬᠦᠯᠵᠦ᠂ ᠲᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃      ᠬᠤᠷᠠᠯ ᠠᠴᠠ ᠵᠢᠭᠠᠵᠦ ᠭᠠᠷᠭᠠᠬᠰᠠᠨ ᠨᠢ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ᠭᠤᠤᠯᠳᠠᠯᠭ᠎ᠠ ᠲᠠᠢ ᠭᠤᠤᠯ ᠤᠨ ᠵᠠᠮ᠂  ᠠᠭᠤᠯᠠ ᠶᠢᠨ ᠦᠶᠡᠷ ᠤᠨ ᠭᠤᠤ᠂ ᠬᠤᠲᠠ ᠪᠠᠯᠭᠠᠰᠤ ᠪᠣᠯᠤᠨ ᠦᠢᠯᠡᠳᠪᠦᠷᠢ ᠠᠭᠤᠷᠬᠠᠶ ᠠᠵᠤ ᠠᠬᠤᠶᠢᠯᠠᠯ ᠤᠨ ᠦᠶᠡᠷ ᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠤᠰᠤᠨ ᠴᠥᠭᠦᠷᠥᠮ ᠪᠣᠯᠤᠨ ᠨᠦᠯᠦᠮᠡᠯ ᠭᠠᠵᠠᠷ ᠤᠨ ᠬᠠᠰᠢᠯᠭ᠎ᠠ ᠶᠢᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠤᠶᠠᠷ ᠲᠠᠯ᠎ᠠ ᠪᠠᠷ ᠠᠳᠬᠤᠬᠤ ᠦᠵᠡᠯ ᠰᠠᠨᠠᠭ᠎ᠠ ᠶᠢ ᠪᠠᠲᠤ ᠪᠣᠶ ᠪᠣᠯᠭᠠᠨ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠢ᠃ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠴᠠᠭ ᠲᠤᠬᠠᠢ ᠳᠤ ᠨᠢ ᠮᠡᠳᠡᠬᠦᠯᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ  ᠬᠡᠰᠡᠨ ᠪᠠᠶᠢᠨ᠎ᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ