| ᠡᠵᠡᠨ ᠬᠤᠷᠤᠭ᠎ᠠ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠤᠶᠢᠯᠡᠴᠢᠯᠡᠭᠡᠨ ᠤ ᠲᠥᠪ 2022 ᠣᠨ ᠤ ᠠᠩᠬᠠᠨ ᠤ | ᠪᠦᠯᠦᠭ ᠨᠡᠶᠢᠲᠡ ᠶᠢᠨ ᠲᠦᠷᠢᠶᠡᠰᠦᠨ ᠬᠡᠷ ᠢ ᠨᠣᠮᠧᠷ ᠰᠤᠭᠤᠯᠤᠨ ᠬᠤᠪᠢᠶᠠᠷᠢᠯᠠᠬᠤ ᠠᠵᠢᠯᠯᠠᠭ᠎ᠠ ᠶᠠᠪᠤᠭᠳᠠᠭᠤᠯᠵᠤ᠂ 29 ᠬᠡᠷ ᠪᠦᠯᠢ ᠶᠢᠨ ᠬᠢᠨ ᠺᠣᠮᠫᠢᠦ᠋ᠲ᠋ᠧᠷ ᠢᠶᠠᠷ | ᠨᠣᠮᠧᠷ ᠰᠤᠭᠤᠯᠤᠨ ᠬᠡᠷ ᠬᠤᠪᠢᠶᠠᠵᠤ᠂ ︽ᠠᠮᠤᠭᠤᠯᠠᠩ ᠰᠠᠭᠤᠷᠢᠰᠢᠬᠤ ᠬᠦᠰᠡᠯ︾ ᠢᠶᠠᠨ ᠲᠡᠷᠭᠡᠯᠰᠢᠭᠦᠯᠪᠡ᠃ | ᠲᠣᠰ ᠤᠳᠠᠭᠠᠨ ᠤ ᠬᠤᠪᠢᠶᠠᠷᠢᠯᠠᠭᠰᠠᠨ ᠬᠡᠷ ᠪᠠᠶᠢᠰᠢᠩ ᠨᠢ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠤᠶᠢᠯᠡᠴᠢᠯᠡᠭᠡᠨ ᠤ | ᠲᠥᠪ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠪᠠᠷ ᠪᠦᠷᠢᠯᠳᠦᠭᠰᠡᠨ ᠢᠯᠭᠠᠷᠠᠭᠤᠯᠤᠨ ᠪᠠᠶᠢᠴᠠᠭᠠᠬᠤ ᠠᠵᠢᠯ ᠤᠨ ᠳᠤᠭᠤᠶᠢᠯᠠᠩ ᠤᠨ ᠬᠢᠨ ᠢᠯᠭᠠᠷᠠᠭᠤᠯᠤᠨ ᠪᠠᠶᠢᠴᠠᠭᠠᠵᠤ ᠪᠤᠴᠠᠭᠠᠭᠰᠠᠨ ᠭᠡᠷ ᠪᠠᠶᠢᠵᠤ᠂ | 2017 ᠣᠨ ᠤ ᠳᠥᠷᠪᠡᠳᠦᠭᠡᠷ ᠤᠯᠠᠷᠢᠯ ᠳᠤ ᠵᠠᠷᠯᠠᠨ ᠨᠡᠶᠢᠲᠡᠯᠡᠬᠦ ᠪᠠᠷ ᠭᠤᠶᠤᠴᠢᠯᠠᠭᠰᠠᠨ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠷᠦᠬᠡ ᠪᠠ ᠨᠢᠭᠡᠳᠦᠭᠡᠷ᠂ ᠬᠤᠶᠠᠳᠤᠭᠠᠷ ᠳᠡᠰ ᠤᠨ ᠵᠡᠮᠳᠡᠭᠴᠦᠳ ᠤᠨ ᠬᠡᠷ ᠪᠦᠯᠢ ᠶᠢ ᠤᠷᠢᠳᠠᠪᠠᠷ ᠪᠤᠳᠤᠯᠬᠢᠯᠠᠵᠤ᠂ ᠬᠤᠪᠢᠶᠠᠨ ᠲᠦᠷᠢᠶᠡᠰᠦᠯᠡᠬᠦ | ᠣᠷᠣᠨ ᠰᠠᠭᠤᠴᠠ ᠨᠢ ᠮᠢᠨ ᠶᠦᠸᠧ A ᠲᠣᠭᠤᠷᠢᠭ C ᠲᠣᠭᠤᠷᠢᠭ᠂ ᠯᠠᠨ ᠲᠢᠶᠠᠨ ᠵᠢᠶᠠ ᠶᠤᠸᠠᠨ A ᠲᠣᠭᠤᠷᠢᠭ B ᠲᠣᠭᠤᠷᠢᠭ C ᠲᠣᠭᠤᠷᠢᠭ ᠲᠤ | ᠲᠤᠬᠢᠷᠠᠭᠤᠯᠵᠤ᠂ ᠡᠵᠡᠨ ᠬᠤᠷᠤᠭ᠎ᠠ ᠬᠤᠰᠢᠭᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠤᠶᠢᠯᠡᠴᠢᠯᠡᠭᠡᠨ ᠤ ᠬᠢᠨ 7 ᠠᠵᠢᠯᠯᠠᠬᠤ ᠡᠳᠦᠷ ᠤᠨ | ᠳᠣᠲᠣᠷ᠎ᠠ ᠬᠠᠮᠢᠶ᠎ᠠ ᠪᠥᠬᠦᠶ ᠭᠠᠷ ᠬᠦᠢᠴᠡᠳᠭᠡᠯ ᠬᠢᠵᠤ ᠲᠦᠯᠬᠢᠭᠦᠷ ᠢ ᠨᠢ ᠭᠠᠷᠳᠠᠭᠤᠯᠤᠨ᠂ ᠰᠢᠨ᠎ᠡ ᠵᠢᠯ ᠳᠤ ᠰᠢᠨ᠎ᠡ ᠬᠡᠷ ᠪᠦᠯᠢ ᠶᠢᠨ ᠬᠠᠯᠠᠭᠤᠨ ᠳᠤᠯᠠᠭᠠᠨ ᠢ | ᠡᠳ᠋ᠯᠡᠬᠦᠯᠬᠦ ᠪᠠᠷ ᠪᠣᠯᠤᠨ᠎ᠠ᠃ ᠼᠠᠢ ᠬᠤᠨᠭ᠌ ᠤᠷᠠᠨ᠎ᠠ |