ᠮᠠᠨ ᠤ ᠬᠤᠰᠢᠭᠤ ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/10/10
     ᠮᠠᠨ ᠤ ᠬᠤᠰᠢᠭᠤ ᠪᠥᠬᠦ ᠤᠯᠤᠰ ᠤᠨ ᠰᠢᠶᠠᠨ ᠤ ᠲᠠᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠭᠢᠯᠡᠵᠦ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ᠂ ᠭᠠᠴᠠᠭ᠎ᠠ ᠲᠣᠰᠬᠤᠨ ᠪᠠ ᠠᠷᠠᠯᠵᠢᠶ᠎ᠠ ᠮᠠᠶᠢᠮᠠᠢ ᠴᠢᠯᠦᠭᠡᠳᠦ ᠳᠡᠯᠭᠡᠭᠦᠷ ᠵᠡᠷᠭᠡ ᠨᠢᠭᠡᠳᠦᠭᠡᠷ ᠹᠷᠣᠨᠲ ᠤᠨ ᠠᠵᠢᠯᠲᠠᠨ 600 ᠰᠢᠬᠠᠮ ᠬᠥᠮᠦᠨ ᠪᠣᠯᠪᠠᠰᠤᠷᠠᠯ ᠳᠤ ᠣᠷᠣᠯᠴᠠᠵᠠᠶ᠃      ᠪᠤᠯᠪᠠᠰᠤᠷᠠᠯ ᠳᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠡᠭᠦᠳᠦᠨ ᠪᠠᠶᠢᠭᠤᠯᠬᠤ ᠰᠠᠯᠠᠭᠠᠨ ᠤ ᠬᠤᠯᠪᠤᠬᠳᠠᠯ ᠪᠥᠬᠦᠶ ᠬᠥᠮᠦᠰ ᠲᠤᠬᠠᠶ ᠶᠢᠨ ᠭᠠᠵᠠᠷ᠂ ᠰᠦᠯᠵᠢᠶᠡᠨ ᠤ ᠰᠣᠨᠢᠨ ᠪᠠ ᠪᠠᠶᠢᠴᠠᠭᠠᠯᠳᠠ ᠶᠢᠨ ᠬᠠᠭᠤᠳᠠᠰᠤ ᠵᠡᠷᠭᠡ ᠭᠤᠷᠪᠠᠨ ᠵᠦᠢᠯ ᠤᠨ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠳᠠᠲᠤ ᠭᠠᠵᠠᠷ ᠢ ᠰᠢᠨᠵᠢᠯᠡᠨ ᠪᠠᠶᠢᠴᠠᠭᠠᠬᠤ᠂ ᠤᠷᠤᠨ ᠪᠠᠶᠢᠷᠢ ᠶᠢ ᠰᠢᠯᠭᠠᠨ ᠲᠣᠭᠲᠠᠭᠠᠬᠤ ᠪᠠᠷᠢᠮᠵᠢᠶ᠎ᠠ᠂ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ ᠵᠡᠷᠭᠡ ᠲᠠᠯ᠎ᠠ ᠪᠠᠷ᠂ ᠪᠥᠬᠦ ᠤᠯᠤᠰ ᠤᠨ ᠪᠣᠯᠪᠠᠰᠤᠨ ᠨᠡᠶᠢᠲᠡᠯᠢᠭ ᠬᠤᠲᠠ ᠪᠠ ᠪᠥᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠮᠳᠠᠬᠢ ᠡᠵᠡᠮᠳᠡᠬᠦ ᠴᠢᠬᠤᠯᠠᠲᠠᠶ ᠭᠤᠤᠯᠳᠠᠯᠭ᠎ᠠ᠂ ᠬᠦᠴᠢᠷ ᠠᠰᠠᠭᠤᠳᠠᠯ ᠳᠤ ᠰᠢᠰᠲ᠋ᠧᠮ ᠲᠠᠢ ᠵᠠᠳᠠᠯᠤᠯᠲᠠ ᠬᠢᠵᠦ᠂ ᠮᠠᠰᠢ ᠴᠢᠩᠭ᠎ᠠ ᠵᠢᠯᠣᠭᠤᠳᠬᠤ ᠴᠢᠨᠠᠷ ᠪᠠ ᠬᠡᠷᠡᠭᠵᠢᠭᠦᠯᠬᠦ ᠴᠢᠨᠠᠷ ᠲᠠᠢ  ᠪᠠᠶᠢᠪᠠ᠃   ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠤ ᠪᠠᠨ᠂ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠪᠣᠯᠪᠠᠰᠤᠨ ᠬᠤᠲᠠ ᠶᠢ ᠰᠢᠯᠭᠠᠨ ᠦᠨᠡᠯᠡᠬᠦ ᠰᠢᠰᠲ᠋ᠧᠮ ᠳᠠᠬᠢ ᠡᠯ᠎ᠡ ᠵᠦᠢᠯ ᠤᠨ ᠬᠦᠢᠴᠡᠳᠭᠡᠯ ᠲᠤᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠰᠤᠳᠤᠯᠵᠤ᠂ ᠡᠭᠦᠳᠦᠨ ᠪᠠᠶᠢᠭᠤᠯᠬᠤ ᠠᠵᠢᠯ ᠤᠨ ᠴᠢᠳᠠᠪᠤᠷᠢ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠦᠵᠡᠬᠦᠯᠦᠨ᠎ᠡ ᠭᠡᠵᠡᠶ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ