ᠮᠠᠨ ᠤ ᠬᠤᠰᠢᠭᠤ ︽ᠤᠷᠬᠢᠬᠤ︾ ᠬᠤᠨᠳᠠᠭᠠᠲᠤ ᠮᠢᠭᠮᠡᠨ ᠰᠢᠳᠠᠷ᠎ᠠ ᠶᠢᠨ ᠤᠷᠤᠯᠳᠤᠭᠠᠨ ᠶᠠᠪᠤᠳᠠᠭᠤᠯᠪᠠ
ᠨᠡᠶᠢᠲᠡᠯᠡᠭᠰᠡᠨ ᠴᠠᠭ᠄
2022/10/10
     ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠠᠴᠠ ᠭᠤᠤᠯᠯᠠᠨ ᠡᠷᠭᠢᠯᠡᠵᠦ᠂ ᠢᠴᠢᠴᠢ ᠮᠢᠭᠮᠡᠠ ᠰᠢᠳᠡᠷ᠎ᠠ ᠶᠢᠨ ᠰᠣᠶᠣᠯ ᠢ ᠦᠪᠯᠡᠨ ᠲᠡᠯᠭᠡᠷᠡᠬᠦᠯᠬᠦ ᠲᠥᠪ  ︵ᠰᠤᠶᠤᠯ ᠲᠠᠮᠵᠢᠭᠤᠯᠭ᠎ᠠ ᠶᠢᠨ ᠲᠦᠪ  ︶  ᠎ ᠠᠴᠠ ᠬᠠᠮᠵᠢᠯᠴᠠᠨ ᠡᠷᠬᠢᠯᠡᠵᠦ᠂ ᠬᠤᠰᠢᠭᠤᠨ ᠤ ᠲᠡᠭᠷᠢᠯᠢᠭ ᠲᠠᠷᠬᠠᠨ ᠤᠷᠤᠨ ᠤ ᠮᠢᠭᠮᠡᠨ ᠰᠢᠳᠠᠷ᠎ᠠ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ︽ᠤᠷᠬᠢᠬᠤ︾ ᠬᠤᠨᠳᠠᠭᠠᠲᠤ  ᠮᠢᠭᠮᠡᠨ ᠰᠢᠳᠠᠷ᠎ᠠ ᠶᠢᠨ ᠤᠷᠤᠯᠳᠤᠭᠠᠨ ᠥᠨᠳᠥᠷᠯᠡᠪᠡ᠃      ᠬᠤᠶᠠᠷ ᠡᠳᠦᠷ ᠤᠨ ᠤᠷᠤᠯᠳᠤᠭᠠᠨ ᠳᠤ᠂ ᠪᠦᠬᠦ ᠬᠤᠰᠢᠭᠤᠨ ᠤ 38 ᠮᠢᠭᠮᠡᠠ ᠰᠢᠳᠡᠷ᠎ᠠ ᠳᠤ ᠪᠠᠭ᠋ᠠᠲᠠᠢ ᠬᠥᠮᠦᠰ ᠮᠥᠷᠦ᠋ᠢᠴᠡᠵᠦ᠂ ᠬᠤᠷᠠᠮᠳᠤᠯ ᠬᠤᠪᠢ ᠪᠠᠷ ᠡᠬᠡᠯᠵᠢᠯᠡᠨ ᠤᠷᠤᠯᠳᠤᠵᠦ᠂ ᠬᠠᠮᠤᠭ ᠡᠴᠦᠰ ᠲᠤ ᠲᠦᠷᠦᠭᠦᠦ ᠨᠠᠢᠮᠠ ᠶᠢ ᠰᠢᠯᠭᠠᠷᠠᠭᠤᠯᠤᠭᠰᠠᠨ ᠪᠠᠶᠢᠨ᠎ᠠ᠃      ᠡᠨᠡ ᠬᠦ ᠤᠷᠤᠯᠳᠤᠭᠠᠨ ᠢ ᠡᠷᠭᠢᠯᠡᠭᠰᠡᠨ ᠨᠢ ᠰᠢᠲᠠᠷ᠎ᠠ ᠳᠤ ᠪᠠᠭ᠋ᠠᠲᠠᠶ ᠬᠥᠮᠦᠰ ᠲᠤ ᠰᠢᠲᠠᠷ᠎ᠠ ᠶᠢᠨ ᠤᠷᠠᠯᠢᠭ ᠢ ᠰᠤᠷᠤᠯᠴᠠᠬᠤ ᠪᠠ ᠰᠣᠯᠢᠯᠴᠠᠬᠤ ᠲᠠᠪᠴᠠᠩ ᠬᠠᠩᠭᠠᠵᠤ᠂ ᠥᠷᠭᠡᠨ ᠣᠯᠠᠨ ᠬᠤᠲᠠ ᠶᠢᠨ ᠠᠷᠠᠳ ᠤᠨ ᠪᠠᠶᠠᠷ ᠤᠨ ᠡᠳᠦᠷ ᠤᠨ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠶ᠂ ᠵᠠᠯᠠᠭᠤᠴᠤᠳ ᠪᠠᠭᠠᠴᠤᠳ ᠤᠨ ᠰᠢᠲᠠᠷ᠎ᠠ ᠶᠢᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠦᠭᠰᠡᠨ ᠪᠠᠶᠢᠨ᠎ᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ