| ᠠᠷᠪᠠᠨ ᠲᠠᠪᠤᠳᠡᠬᠢ ︽ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ︾ ᠮᠠᠨ ᠤ ᠬᠤᠰᠢᠭᠤ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ | ᠤᠭᠲᠤᠵᠤ ᠲᠠᠩᠰᠠ ᠡᠪᠬᠡᠮᠡᠯ ᠤᠨ ᠬᠡᠷᠡᠯ ᠰᠠᠴᠤᠷᠠᠩᠭᠤᠶ ᠠᠮᠵᠢᠯᠲᠠ ᠶᠢ ᠮᠠᠭᠲᠠᠨ ᠲᠠᠭᠤᠯᠠᠶ᠎ᠠ︾ ᠬᠡᠬᠦ ᠠᠭᠤᠯᠭ᠎ᠠ ᠪᠦᠬᠦᠢ ᠭᠤᠤᠯ ᠰᠡᠳᠦᠪ ᠤᠨ ᠲᠣᠭᠤᠷᠢᠨ ᠳᠤ ᠡᠯᠪᠡᠭ | ᠪᠠᠶᠠᠯᠢᠭ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠠᠬᠤᠶ ᠲᠠᠯᠠᠪᠠᠶ ᠳᠤ᠂ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ ᠨᠢ ᠪᠢᠴᠢᠭᠡᠰᠦ ᠡᠯᠭᠦᠬᠦ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠵᠢᠴᠢ ᠣᠯᠠᠨ ᠨᠡᠶᠢᠲᠡ ᠳᠤ ᠲᠠᠩᠰᠠ ᠡᠪᠬᠡᠮᠡᠯ ᠤᠨ ᠮᠡᠳᠡᠯᠭᠡ ᠶᠢ ᠲᠥᠪᠯᠡᠷᠡᠭᠦᠯᠦᠨ | ᠤᠬᠠᠭᠤᠯᠵᠤ᠂ ᠲᠠᠶᠢᠯᠤᠮᠵᠢ ᠬᠢᠵᠦ ᠲᠦᠭᠡᠮᠡᠯᠵᠢᠭᠦᠯᠪᠡ᠃ ᠡᠭᠦᠨ ᠤ ᠬᠠᠮᠲᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠲᠠᠩᠰᠠ ᠡᠪᠬᠡᠮᠡᠯ ᠤᠨ | ᠰᠠᠩ ᠳᠤ ᠬᠦᠷᠴᠦ᠂ ᠲᠠᠩᠰᠠ ᠡᠪᠬᠡᠮᠡᠯ ᠤᠨ ᠰᠣᠶᠣᠯ᠂ ᠲᠠᠩᠰᠠ ᠡᠪᠬᠡᠮᠡᠯ ᠤᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠭᠤᠯᠵᠤ᠂ ᠣᠯᠠᠨ ᠲᠦᠮᠡᠨ ᠤ ᠲᠠᠩᠰᠠ | ᠡᠪᠬᠡᠮᠡᠯ ᠤᠨ ᠤᠬᠠᠮᠰᠠᠷ ᠪᠠ ᠲᠠᠩᠰᠠ ᠡᠪᠬᠡᠮᠡᠯ ᠤᠨ ᠬᠠᠤᠯᠢ ᠪᠠᠷ ᠵᠠᠰᠠᠬᠤ ᠲᠠᠨᠢᠯᠳᠠ ᠶᠢ ᠨᠡᠮᠡᠭᠳᠡᠭᠦᠯᠪᠡ᠃ | ᠣᠶᠢᠯᠠᠭᠠᠭᠰᠠᠨ ᠢᠶᠠᠷ᠂ ᠬᠤᠰᠢᠭᠤᠨ ᠤ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ ᠳᠤ ᠣᠲᠣ 171 ᠪᠤᠳᠢ ᠪᠦᠷᠢᠨ ᠡᠪᠬᠡᠮᠡᠯ᠂ 25 ᠲᠦᠮᠡ ᠭᠠᠷᠤᠶ | ᠪᠣᠲᠢ ᠲᠠᠩᠰᠠ ᠡᠪᠬᠡᠮᠡᠯ ᠲᠠᠢ ᠪᠠᠶᠢᠵᠤ᠂ ᠮᠠᠨ ᠤ ᠬᠤᠰᠢᠭᠤᠨ ᠤ ᠬᠥᠭᠵᠢᠯᠲᠡ ᠪᠠ ᠲᠡᠦᠬᠡ ᠶᠢᠨ ᠳᠤᠷᠠᠳᠬᠠᠯ ᠢ ᠦᠨᠡᠨ ᠪᠣᠳᠠᠲᠠᠶ ᠪᠠᠷ ᠲᠤᠰᠬᠠᠵᠠᠶ᠃ ᠮᠦᠽᠧᠢ ᠳᠤ | ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠢ 2020 ᠣᠨ ᠪᠣᠯᠲᠠᠯ᠎ᠠ ᠬᠦᠯᠢᠶᠡᠨ ᠠᠪᠴᠤ᠂ ᠪᠦᠬᠦᠨ ᠢ ᠲᠤᠭᠠᠵᠢᠭᠤᠯᠤᠬᠰᠠᠨ ᠢ ᠪᠡᠶᠡᠯᠡᠭᠦᠯᠵᠦ᠂ ᠨᠡᠶᠢᠭᠡᠮ ᠳᠤ | ᠳᠥᠭᠦᠮ ᠳᠥᠲᠡ ᠥᠨᠳᠥᠷ ᠪᠦᠲᠦᠮᠵᠢᠲᠡᠢ ᠳᠠᠩᠰᠠ ᠡᠪᠬᠡᠮᠡᠯ ᠢ ᠪᠠᠶᠢᠴᠠᠭᠠᠨ ᠦᠵᠡᠵᠦ ᠠᠰᠢᠭᠯᠠᠬᠤ ᠭᠡᠷᠡᠭᠴᠡᠭᠡ ᠶᠢ ᠬᠠᠩᠭᠠᠵᠦ ᠪᠠᠶᠢᠨ᠎ᠠ᠃ | | | | | | | | | | | | |