ᠡᠦ ᠬᠠᠢ ᠶᠢᠩ ᠨᠡᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/10/10
     ᠤᠶᠢᠷ᠎ᠠ ᠳᠤ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠳᠡᠳ᠋ ᠲᠡᠷᠢᠭᠦᠯᠡᠭᠴᠢ᠂ ᠱᠦᠵᠢ ᠨᠡᠷ ᠤᠨ ᠭᠠᠵᠠᠷ ᠤᠨ ᠱᠦᠵᠢ ᠦ᠋ ᠬᠠᠶ ᠶᠢᠩ ᠨᠡᠷ ᠮᠠᠨ ᠤ ᠬᠤᠰᠢᠭᠤᠨ ᠳᠤ ᠢᠷᠡᠵᠦ ᠡᠮᠡᠭᠲᠡᠶᠢᠴᠦᠳ ᠬᠡᠦᠬᠡᠳ ᠪᠠ ᠬᠡᠷ ᠪᠦᠯᠢ ᠶᠢᠨ ᠲᠤᠬᠠᠢ ᠠᠵᠢᠯ ᠤᠨ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠹᠠᠩ ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠰᠢᠩ ᠵᠧᠩ᠂ ᠬᠤᠲᠠ ᠶᠢᠨ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠽᠠᠨᠳᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠨ ᠼᠠᠢ ᠢᠦᠶ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠰᠤᠨ ᠡᠷᠭᠢ ᠶᠢᠨ ᠰᠢᠨ᠎ᠡ ᠬᠤᠳᠠ ᠶᠢᠨ ᠬᠡᠦᠬᠡᠳ ᠤᠨ ᠭᠤᠤᠯ ᠰᠡᠳᠦᠪᠲᠦ ᠴᠡᠴᠡᠷᠯᠢᠭ᠂ ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠭᠠᠷ ᠦᠢᠯᠡᠳᠬᠡᠯ ᠤᠨ ᠭᠠᠵᠠᠷ ᠤᠨ ᠠᠯᠳᠠᠨᠰᠢᠷᠡᠭᠡ ᠪᠠᠯᠭᠠᠰᠤᠨ ᠤ ᠭᠠᠷ ᠣᠶᠣᠳᠠᠯ ᠤᠨ ᠦᠢᠯᠡᠳᠪᠦᠷᠢ ᠶᠢᠨ ᠲᠠᠰᠤᠭ ᠲᠤ ᠬᠦᠷᠴᠦ᠂ ᠮᠠᠨ ᠤ ᠬᠤᠰᠢᠭᠤᠨ ᠤ ᠬᠡᠦᠬᠡᠳ ᠤᠨ ᠨᠥᠬᠦᠷᠰᠡᠭ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠵᠢᠴᠢ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠤᠯᠭᠤᠬᠰᠠᠨ ᠪᠠᠶᠢᠳᠠᠯ ᠢ ᠨᠠᠷᠢᠨ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠮᠠᠨ ᠤ ᠬᠤᠰᠢᠭᠤᠨ ᠤ ᠡᠮᠡᠭᠲᠡᠶᠢᠴᠦᠳ ᠬᠡᠦᠬᠡᠳ ᠤᠨ ᠠᠵᠢᠯ ᠢ ᠬᠦᠢᠴᠡᠳ ᠨᠤᠲᠠᠯᠠᠵᠤ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠭᠠᠵᠠᠷ ᠣᠷᠣᠨ ᠤ ᠡᠮᠡᠭᠲᠡᠶᠢᠴᠦᠳ ᠬᠡᠦᠬᠡᠳ ᠤᠨ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ