ᠡᠤ ᠶᠦᠨ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠲᠥᠪᠯᠡᠷᠡᠭᠦᠯᠦᠨ ᠠᠵᠢᠯ ᠡᠬᠢᠯᠡᠭᠦᠯᠬᠦ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ ᠲᠠᠯᠠᠪᠠᠢ ᠶᠢᠨ  ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/11
     ᠤᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠡᠤ ᠶᠦᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠲᠥᠪᠯᠡᠷᠡᠭᠦᠯᠦᠨ ᠠᠵᠢᠯ ᠡᠬᠢᠯᠡᠭᠦᠯᠬᠦ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ ᠲᠠᠯᠠᠪᠠᠶ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠪᠠᠢ ᠵᠢᠶᠠᠨ ᠭᠠᠩ᠂ ᠶᠠᠨ ᠼᠠᠢ ᠢᠦᠢ᠂ ᠵᠤᠤ ᠸᠧᠢ᠂ ᠴᠧᠨ ᠰᠢᠶᠤᠤ ᠵᠢᠶᠦ᠋ᠨ ᠵᠢᠴᠢ ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠡᠤ ᠶᠦᠨ ᠤᠷᠢᠳ ᠬᠤᠵᠢᠳ ᠮᠸᠢ ᠶᠢᠨ ᠭᠦᠸᠧ ᠬᠤᠩ  ᠳ᠋ᠢᠶᠠᠨ ᡂᠢ ᠤᠨ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠤᠨ ᠦᠢᠯᠡᠳᠪᠦᠷᠢ ᠶᠢᠨ ᠲᠠᠰᠤᠭ᠂ ᠱᠠᠩᠬᠠᠢ ᠶᠢᠨ ᠮᠠᠰᠢᠨ ᠲᠡᠷᠭᠡᠨ ᠤ ᠬᠤᠩ ᠶᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ᠂ ᠶᠤᠸᠠᠨ ᠵᠢᠩ ᠣᠲᠣ ᠦᠶ᠎ᠡ ᠶᠢᠨ ᠡᠨᠧᠷᠭᠢ ᠶᠢᠨ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ ᠤᠨ ᠲᠤᠬᠠᠶ ᠶᠢᠨ ᠲᠠᠯᠠᠪᠠᠶ᠂ ᠯᠦᠩ ᠵᠢᠶ ᠪᠣᠬᠢᠷᠲᠤᠯ ᠥᠬᠡᠶ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠳᠤ ᠬᠦᠷᠴᠦ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠣᠯᠤᠨ ᠲᠥᠪᠯᠡᠷᠡᠭᠦᠯᠦᠨ ᠠᠵᠢᠯ ᠡᠬᠢᠯᠡᠭᠦᠯᠬᠦ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃      ᠲᠠᠷᠠᠭ᠎ᠠ ᠨᠢ᠂ ᠡᠤ ᠶᠦᠨ ᠶᠤᠸᠠᠨ ᠵᠢᠩ ᠲᠦᠷᠦᠯ ᠵᠦᠢᠯ ᠤᠨ ᠵᠢᠯᠣᠭᠤᠳᠬᠤ ᠭᠠᠵᠠᠷ ᠲᠤ ᠲᠤᠬᠠᠢ ᠶᠢᠨ ᠲᠠᠯᠠᠪᠠᠢ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠡᠤ ᠶᠦᠨ ᠴᠢᠬᠤᠯᠠᠴᠢᠯᠠᠭᠰᠠᠨ ᠨᠢ᠂ ᠰᠢᠨ᠎ᠡ ᠡᠨᠧᠷᠭᠢ ᠶᠢᠨ ᠬᠠᠪᠤᠷ ᠪᠣᠯ ᠡᠵᠡᠨ ᠬᠤᠷᠤᠭ᠎ᠠ ᠶᠢᠨ ᠬᠠᠪᠤᠷ ᠪᠣᠯᠤᠨ᠎ᠠ᠃ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠡᠷᠬᠡᠪᠰᠢ ᠥᠪᠡᠷᠲᠡᠭᠡᠨ ᠵᠠᠰᠠᠬᠤ ᠣᠷᠣᠨ ᠪᠠ ᠬᠤᠲᠠ ᠠᠴᠠ ᠮᠠᠨ ᠤ ᠬᠤᠰᠢᠭᠤᠨ ᠤ ︽ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠠᠵᠤ ᠦᠢᠯᠡᠰ ᠤᠨ ᠬᠦᠷᠢᠶᠡᠯᠡᠩ︾᠎ ᠢ ᠪᠥᠲᠥᠭᠡᠨ ᠪᠠᠶᠢᠭᠤᠯᠬᠤ᠂ ︽ᠰᠠᠯᠬᠢ ᠬᠡᠷᠡᠯ ᠤᠰᠤᠲᠥ᠋ᠷᠥᠭᠴᠢ ᠡᠨᠧᠷᠬᠢ ᠬᠠᠳᠠᠭᠠᠯᠠᠬᠤ ᠲᠡᠷᠭᠡ︾᠎ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠰᠦᠷᠦᠭᠵᠢᠯ ᠢ ᠬᠥᠭᠵᠢᠭᠦᠯᠬᠦ ᠶᠢ ᠲᠡᠮᠵᠢᠵᠤ ᠪᠠᠶᠢᠭ᠎ᠠ ᠲᠡᠦᠬᠡᠨ ᠠᠵᠠ ᠲᠣᠬᠢᠶᠠᠯ ᠢ ᠠᠮᠵᠢᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠲᠥᠪᠯᠡᠷᠡᠭᠦᠯᠦᠨ ᠠᠵᠢᠯ ᠡᠬᠢᠯᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠭᠲᠠ ᠪᠠᠶᠢᠷᠢᠯᠠᠭᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠲᠥᠰᠦᠯ ᠢ ᠲᠣᠭᠲᠠᠭᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠣᠳᠠᠲᠠᠶ ᠨᠠᠷᠢᠯᠢᠭ ᠠᠳᠬᠤᠬᠤ ᠬᠡᠷᠡᠭᠲᠡᠶ᠃ ᠶᠡᠭᠡ ᠲᠠᠯ᠎ᠠ ᠠᠴᠠ ᠪᠣᠳᠣᠯᠬᠢᠯᠠᠵᠤ᠂ ᠨᠠᠷᠢᠨ ᠵᠦᠢᠯᠡᠰ ᠠᠴᠠ ᠭᠠᠷᠳᠠᠵᠤ᠂ ᠰᠢᠰᠲ᠋ᠧᠮ ᠲᠠᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠪᠠᠷ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠡᠯ᠎ᠡ ᠭᠤᠭᠴᠤᠭ᠎ᠠ ᠶᠢᠨ ᠬᠠᠷᠠᠯᠲᠠ ᠡᠭᠦᠷᠭᠡ ᠪᠣᠯᠤᠨ ᠴᠠᠭ ᠬᠤᠭᠤᠴᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠭᠠᠷᠳᠠᠮ ᠬᠦᠢᠴᠡᠳᠬᠡᠬᠦ ᠶᠢ ᠲᠦᠷᠭᠡᠳᠬᠡᠵᠦ᠂ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠤᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠬᠡᠷᠡᠭᠲᠡᠢ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠣᠯᠭᠠᠭᠤᠯᠬᠤ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠲᠤᠬᠳᠠᠭᠠᠨ᠂ ᠦᠢᠯᠡᠴᠢᠯᠡᠭᠡ ᠶᠢ ᠪᠠᠲᠤᠯᠠᠵᠤ᠂ ︽ ᠶᠡᠭᠡ ᠪᠠᠷ ᠬᠢᠵᠦ ᠲᠦᠷᠭᠡᠨ ᠲᠡᠭᠡᠭᠰᠢᠯᠡᠨ ᠲᠥᠷᠥᠯ ᠵᠦᠢᠯ ᠢ ᠠᠳᠬᠤᠬᠤ︾ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠮᠠᠨ ᠤ ᠬᠤᠰᠢᠭᠤᠨ ᠤ ᠺᠠᠳ᠋ᠷ ᠤᠨ ᠡᠩᠨᠡᠭᠡ ᠪᠠ ᠠᠵᠤ ᠠᠬᠤᠶᠢᠯᠠᠯᠲᠠᠨ ᠤ ︽ᠵᠣᠷᠢᠭᠲᠠᠶ ᠪᠠᠷ ᠬᠠᠲᠠᠭᠤ ᠰᠢᠷᠦᠬᠦᠨ ᠳᠠᠶᠢᠯᠠᠯᠳᠤᠭᠠᠨ ᠬᠢᠬᠦ᠂ ᠢᠯᠠᠭᠤᠭᠰᠠᠨ ᠳᠠᠶᠢᠯᠠᠯᠳᠤᠭᠠᠨ ᠬᠢᠬᠦ︾ ᠯᠠᠪᠳᠠᠭᠤᠨ ᠪᠠᠲᠤᠲᠠᠶ ᠰᠤᠷᠲᠠᠯ ᠪᠠ ᠰᠠᠶᠢᠨ ᠰᠠᠶᠢᠬᠠᠨ ᠳᠦᠷᠢ ᠲᠥᠷᠬᠦ ᠶᠢ ᠬᠦᠢᠴᠡᠳ ᠢᠯᠡᠷᠡᠭᠦᠯᠬᠦ ᠬᠡᠷᠡᠭᠲᠡᠶ  ᠭᠡᠪᠡ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号