ᠦ᠋ ᠶᠦᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2022/10/11
     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠡᠤ ᠶᠦᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠠᠵᠢᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠪᠡ  ᠃      ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠬᠤᠰᠢᠭᠤᠨ ᠳᠠᠬᠢ ᠬᠤᠪᠢᠶᠠᠷᠢ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ᠂ ᠦ᠋ ᠶᠦᠨ ᠪᠡᠶ᠎ᠡ ᠶᠢᠨ ᠲᠤᠯᠠᠭᠠᠨ ᠤ ᠪᠠᠶᠢᠴᠠᠭᠠᠯᠲᠠ᠂ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ ᠵᠡᠷᠭᠡ ᠠᠵᠢᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠡᠯ᠎ᠡ ᠵᠦᠢᠯ ᠤᠨ ᠰᠢᠯᠭᠠᠯᠲᠠ ᠶᠢᠨ ᠶᠠᠪᠤᠳᠠᠯ ᠤᠨ ᠲᠦᠷᠢᠮ ᠲᠣᠭᠲᠠᠭᠠᠯ ᠵᠢᠴᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠰᠢᠯᠭᠠᠯᠲᠠ ᠶᠢᠨ ᠴᠡᠭ ᠤᠨ ᠰᠤᠷᠭᠠᠭᠤᠯᠢ ᠵᠢᠴᠢ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ ᠲᠤ᠂ ᠰᠢᠯᠭᠠᠯᠲᠠ ᠶᠢ ᠵᠣᠬᠢᠶᠠᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠡᠯ᠎ᠡ ᠭᠤᠭᠴᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠶᠢᠨ ᠬᠤᠭᠤᠴᠠᠭᠠᠨ ᠳᠤ ᠵᠣᠬᠢᠶᠠᠨ ᠪᠠᠶᠢᠭᠤᠯᠵᠤ ᠬᠥᠲᠥᠯᠥᠨ ᠵᠢᠯᠣᠭᠤᠳᠬᠤ᠂ ᠰᠢᠯᠭᠠᠯᠲᠠ ᠶᠢᠨ ᠬᠠᠭᠤᠳᠠᠰᠤ ᠶᠢ ᠵᠥᠭᠡᠭᠡᠪᠦᠷᠢᠯᠡᠬᠦ ᠶᠢ ᠪᠠᠲᠤᠯᠠᠬᠤ᠂ ᠲᠤᠬᠠᠶ ᠶᠢᠨ ᠲᠠᠯᠠᠪᠠᠶ ᠳᠤ ᠬᠢᠨᠠᠨ ᠰᠢᠯᠭᠠᠬᠤ ᠵᠡᠷᠭᠡ ᠠᠵᠢᠯ ᠢ ᠰᠠᠶᠢᠲᠤᠷ ᠬᠢᠵᠦ᠂ ᠰᠠᠬᠢᠯᠭ᠎ᠠ ᠪᠠᠲᠤ ᠴᠢᠩᠭ᠎ᠠ᠂ ᠵᠢᠷᠤᠮᠵᠢᠯ ᠨᠠᠷᠢᠨ ᠨᠢᠮᠪᠠᠶ᠂ ᠡᠷᠴᠢ ᠵᠣᠷᠢᠭ ᠢ ᠬᠥᠪᠴᠢᠯᠡᠬᠦ ᠰᠢᠯᠭᠠᠯᠲᠠ ᠶᠢᠨ ᠲᠠᠯᠠᠪᠠᠶ ᠶᠢᠨ ᠠᠭᠤᠷ ᠠᠮᠢᠰᠬᠤᠯ ᠢ ᠪᠣᠶ ᠪᠣᠯᠭᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠥᠬᠦ ᠶᠠᠪᠤᠴᠠ ᠳᠤ ᠵᠣᠬᠢᠶᠠᠨ ᠪᠠᠶᠢᠭᠤᠯᠤᠯᠲᠠ ᠴᠢᠩᠭ᠎ᠠ ᠨᠢᠮᠪᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠭᠠᠯᠲᠠ ᠠᠴᠠ ᠡᠮᠦᠨ᠎ᠡ᠂ ᠰᠢᠯᠭᠠᠯᠲᠠ ᠶᠢᠨ ᠳᠤᠮᠳᠠ᠂ ᠰᠢᠯᠭᠠᠯᠲᠠ ᠶᠢᠨ ᠳᠠᠷᠠᠭᠠᠬᠢ ᠵᠠᠮ ᠬᠠᠷᠢᠯᠴᠠᠭᠠᠨ ᠤ ᠡᠮᠬᠢ ᠳᠢᠭᠯᠢᠮ᠂ ᠢᠳᠡᠭᠡᠨ ᠤ ᠠᠮᠤᠷ ᠲᠦᠪᠰᠢᠨ᠂ ᠰᠡᠳᠬᠢᠴᠡ ᠶᠢᠨ ᠵᠢᠯᠣᠭᠤᠳᠤᠮᠵᠢ᠂ ᠪᠠᠷᠢᠯᠭ᠎ᠠ ᠶᠢᠨ ᠬᠠᠮᠢᠶᠠᠷᠤᠯᠲᠠ ᠡᠵᠡᠮᠳᠡᠯ᠂ ᠨᠠᠷᠠᠰᠢᠬᠤ ᠠᠴᠠ ᠰᠡᠷᠬᠡᠶᠢᠯᠡᠬᠦ ᠵᠡᠷᠭᠡ  ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠴᠢᠩᠭ᠎ᠠ ᠰᠠᠶᠢᠲᠤᠷ ᠬᠢᠵᠦ᠂ ᠠᠮᠤᠷ ᠲᠦᠪᠰᠢᠨ ᠡᠮᠬᠢ ᠵᠢᠷᠤᠮ ᠲᠠᠢ ᠰᠢᠯᠭᠠᠯᠲᠠ ᠶᠢᠨ ᠲᠠᠯᠠᠪᠤᠷ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠰᠢᠯᠭᠠᠭᠤᠯᠤᠭᠰᠠᠳ ᠪᠣᠯᠤᠨ ᠰᠢᠯᠭᠠᠯᠲᠠ ᠶᠢᠨ ᠶᠠᠪᠤᠳᠠᠯ ᠤᠨ ᠠᠵᠢᠯᠲᠠᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤ ᠨᠢ ᠪᠦᠲᠦᠮᠵᠢᠲᠡᠢ ᠠᠷᠭᠠᠴᠠᠭᠠᠵᠤ᠂ ᠰᠤᠷᠤᠭᠴᠢᠳ ᠰᠡᠳᠬᠢᠯ ᠠᠮᠤᠷ᠂ ᠭᠡᠷ ᠤᠨ ᠠᠬᠠᠮᠠᠳ ᠰᠠᠨᠠᠭ᠎ᠠ ᠠᠮᠤᠷ ᠂ ᠨᠡᠶᠢᠭᠡᠮ ᠬᠠᠨᠤᠮᠵᠢᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ  ᠵᠠᠬᠢᠪᠠ  ᠃      ᠡᠨᠡ ᠵᠢᠯ ᠮᠠᠨ ᠤ ᠬᠤᠰᠢᠭᠤ ᠨᠡᠶᠢᠲᠡ 693 ᠰᠢᠯᠭᠠᠭᠤᠯᠤᠭᠴᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠵᠤ᠂ 1 ᠰᠢᠯᠭᠠᠯᠲᠠ ᠶᠢᠨ ᠴᠡᠭ᠂ 29 ᠰᠢᠯᠭᠠᠯᠲᠠ ᠶᠢᠨ ᠲᠠᠯᠠᠪᠤᠷ ︵25 ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠤᠷ᠂ 3 ᠲᠤᠰᠠᠭᠠᠷᠯᠠᠬᠤ ᠰᠢᠯᠭᠠᠯᠲᠠ ᠶᠢᠨ ᠲᠠᠯᠠᠪᠤᠷ ᠪᠠ 1 ᠪᠡᠯᠡᠳᠬᠡᠯ ᠰᠢᠯᠭᠠᠯᠲᠠ ᠶᠢᠨ ᠲᠠᠯᠠᠪᠤᠷ︶ ᠭᠠᠷᠭᠠᠵᠠᠶ᠃      
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号