ᠡᠤ ᠶᠦᠨ ᠭᠤᠤᠯᠳᠠᠯᠭ᠎ᠠ ᠲᠠᠢ ᠣᠷᠣᠨ ᠪᠦᠰᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2022/10/11
     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠡᠤ ᠶᠦᠨ ︽ᠳᠥᠷᠪᠡ ᠶᠢ ᠪᠠᠶᠢᠯᠭᠠᠬᠤ ᠥᠬᠡᠶ ᠬᠤᠶᠠᠷ ᠢ ᠰᠢᠭᠤᠳ  ᠬᠦᠢᠴᠡᠳᠭᠡᠬᠦ︾ ᠠᠷᠭ᠎ᠠ ᠬᠡᠯᠪᠡᠷᠢ ᠪᠠᠷ᠂ ᠮᠠᠨ ᠤ ᠬᠤᠰᠢᠭᠤᠨ ᠤ ᠬᠡᠰᠡᠭ ᠰᠠᠭᠤᠭᠠᠯᠢ ᠠᠷᠠᠳ ᠤᠨ ᠲᠣᠭᠤᠷᠢᠭ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠴᠡᠭ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠲᠦᠷᠭᠡᠨ ᠤ ᠵᠠᠰᠠᠮᠠᠯ ᠵᠠᠮ ᠤᠨ ᠪᠠᠶᠢᠴᠠᠭᠠᠬᠤ ᠴᠡᠭ ᠪᠣᠯᠤᠨ ᠤᠯᠠᠭᠠᠨᠮᠦ᠋ᠷᠡᠨ ᠪᠠᠯᠭᠠᠰᠤᠨ ᠳᠤ ᠭᠦᠨᠵᠡᠭᠡᠶᠢᠷᠡᠨ ᠭᠤᠤᠯᠳᠠᠯᠭ᠎ᠠ ᠲᠠᠢ ᠣᠷᠣᠨ ᠪᠦᠰᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠪᠠ᠃ ᠬᠤᠰᠢᠭᠤᠨ ᠤ ᠤᠳᠤᠷᠢᠳᠤᠯᠭ᠎ᠠ ᠶᠠᠨ ᠼᠠᠢ ᠢᠦᠢ᠂ ᠯᠢ ᠬᠦᠢ᠂ ᠴᠧᠨ ᠰᠢᠶᠤᠤ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠰ ᠲᠤᠰ ᠪᠠᠷ᠎ᠠ ᠪᠤᠯᠵᠦ ᠱᠠᠯᠠᠪᠳᠠᠭᠤᠯᠤᠨ ᠪᠠᠶᠢᠴᠠᠭᠠᠪᠠ᠃      ᠵᠢᠶᠦ᠋ᠨ ᠸᠠᠩ ᠣᠲᠣ ᠦᠶ᠎ᠡ ᠶᠢᠨ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ ᠲᠤ᠂ ᠦ᠋ ᠶᠦᠨ᠂ ᠪᠥᠬᠦ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠴᠢᠩᠭ᠎ᠠ ᠪᠥᠭᠡᠳ ᠲᠦᠷᠭᠡᠨ ᠯᠠᠪᠳᠠᠭᠤᠨ ᠢᠶᠠᠷ ᠥᠷᠨᠢᠭᠦᠯᠵᠦ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠠᠵᠢᠯ ᠤᠨ  ᠴᠤᠪᠤᠷᠠᠯ ᠶᠢ ᠵᠢᠷᠤᠮᠵᠢᠭᠤᠯᠵᠤ᠂ ᠰᠢᠯᠭᠠᠨ ᠪᠠᠶᠢᠴᠠᠭᠠᠬᠤ ᠠᠬᠢᠴᠠ ᠶᠢ ᠱᠠᠯᠠᠪᠳᠠᠭᠤᠯᠤᠨ᠂ ᠬᠢᠵᠢᠭ ᠲᠠᠷᠬᠠᠬᠤ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠶ᠃ ᠤᠯᠠᠭᠠᠨᠮᠦ᠋ᠷᠡᠨ ᠨᠢᠭᠡᠳᠦᠭᠡᠷ  ᠬᠥᠭᠦᠷᠭᠡ ᠪᠣᠯᠤᠨ ᠠᠯᠳᠠᠨᠰᠢᠷᠡᠭᠡ ᠠᠴᠠ ᠳ᠋ᠠ ᠯᠢᠦ ᠲᠠ ᠬᠦᠷᠬᠦ ᠱᠤᠭᠤᠮ ᠤᠨ ᠵᠠᠮ ᠬᠠᠷᠢᠯᠴᠠᠭᠠᠨ ᠤ ᠣᠷᠣᠵᠤ ᠭᠠᠷᠬᠤ ᠭᠠᠵᠠᠷ ᠲᠤ᠂ ᠡᠤ ᠶᠦᠨ᠂ ᠡᠯ᠎ᠡ ᠬᠤᠷᠢᠭ᠎ᠠ ᠴᠡᠭ ᠲᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠡᠷᠭᠡ ᠳᠠᠭᠠᠷᠠᠪᠠᠯ ᠡᠷᠬᠡᠪᠰᠢ ᠪᠠᠶᠢᠴᠠᠭᠠᠬᠤ᠂ 24 ᠴᠠᠭ ᠢᠶᠠᠷ ᠪᠥᠬᠦ ᠲᠠᠯ᠎ᠠ ᠪᠠᠷ ᠬᠠᠮᠢᠶᠠᠷᠤᠨ ᠡᠵᠡᠮᠳᠡᠬᠦ︾ ᠵᠠᠷᠴᠢᠮ ᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠤᠷᠤᠵᠦ ᠭᠠᠷᠬᠤ ᠬᠥᠮᠦᠰ᠂ ᠲᠡᠷᠭᠡ ᠬᠥᠰᠬᠡ ᠶᠢ ᠴᠢᠩᠭ᠎ᠠ ᠰᠢᠭᠰᠢᠨ ᠪᠠᠶᠢᠴᠠᠭᠠᠵᠤ᠂ ᠡᠷᠡᠭᠦᠯ ᠮᠡᠨᠳᠦ ᠶᠢᠨ ᠺᠣᠳ᠋᠂ ᠪᠡᠶ᠎ᠡ ᠶᠢᠨ ᠭᠠᠷᠤᠯ ᠤᠨ ᠮᠡᠳᠡᠭᠡ ᠵᠠᠩᠭᠢ᠂ ᠠᠶᠠᠯᠠᠯ ᠤᠨ ᠮᠡᠳᠡᠭᠡ ᠵᠠᠩᠭᠢ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠭᠡᠷᠡᠴᠢ ᠵᠡᠷᠭᠡ ᠶᠢ ᠴᠢᠩᠭ᠎ᠠ ᠪᠠᠶᠢᠴᠠᠭᠠᠨ ᠰᠢᠯᠭᠠᠵᠤ᠂  ︽ ᠳ᠋ᠦᠩᠱᠸᠡᠭ ᠲᠤᠭᠤᠷᠢᠭ᠂ ᠬᠢᠶ᠎ᠠ ᠪᠠᠭᠰᠢ ᠲᠤᠭᠤᠷᠢᠭ  ᠂ ᠠᠯᠳᠠᠨᠰᠢᠷᠡᠭᠡ ᠪᠠᠯᠭᠠᠰᠤ︾᠎ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠲᠡᠮᠳᠡᠭ ᠤᠨ ᠬᠠᠷᠢᠯᠴᠠᠨ   ᠨᠡᠪᠳᠡᠷᠡᠬᠦ ᠶᠢ ᠬᠡᠷᠡᠭᠵᠢᠭᠦᠯᠬᠦ ᠬᠡᠷᠡᠭᠲᠡᠶ᠃  ᠵᠢᠦ ᠶᠤᠸᠠᠨ ᠶᠢᠨ ᠢ ᠶᠢᠨ ᠲᠥᠪᠯᠡᠷᠡᠭᠦᠯᠦᠨ ᠲᠤᠰᠠᠭᠠᠷᠯᠠᠬᠤ ᠴᠡᠭ ᠲᠤ᠂ ᠦ᠋ ᠶᠦᠨ᠂ ᠡᠯ᠎ᠡ ᠬᠠᠷᠢᠭᠤᠴᠠᠯᠭ᠎ᠠ ᠶᠢᠨ ᠴᠡᠭ ᠤᠨ ᠳᠠᠷᠤᠭ᠎ᠠ ᠪᠡᠶ᠎ᠡ ᠪᠠᠷ ᠢᠶᠠᠨ  ᠪᠠᠭᠤᠳᠠᠯ ᠳᠤ ᠰᠠᠭᠤᠵᠤ ᠠᠩᠬᠠᠷᠤᠨ ᠰᠢᠢᠳᠪᠦᠷᠢᠯᠡᠵᠦ᠂ ︽ᠭᠤᠷᠪᠠᠨ ᠲᠣᠭᠤᠷᠢᠭ ᠬᠤᠶᠠᠷ ᠵᠠᠮ︾᠎ ᠤᠨ ᠥᠭᠡᠷᠡᠴᠢᠯᠡᠯᠲᠡ ᠶᠢ ᠵᠢᠷᠤᠮᠵᠢᠭᠤᠯᠵᠤ᠂ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠨᠢᠰᠬᠡᠯ ᠤᠨ ᠪᠠᠭᠤᠳᠠᠯ ᠪᠠ ᠭᠠᠯᠲᠤ ᠲᠡᠷᠭᠡᠨ ᠥᠷᠲᠡᠭᠡᠨ ᠳᠤ᠂ ᠦ᠋ ᠶᠦᠨ᠂ ︽ᠬᠠᠷᠢᠶᠠᠨ ᠳᠤ ᠤᠷᠤᠬᠰᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ︾᠎ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠥᠯᠢᠭᠡᠷ ᠠᠪᠬᠤ ᠠᠵᠢᠯᠲᠠᠨ ᠪᠠ ᠰᠢᠯᠭᠠᠨ ᠪᠠᠶᠢᠴᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠠᠵᠢᠯ ᠤᠨ ᠴᠤᠪᠤᠷᠠᠯ ᠢ ᠰᠢᠯᠢᠳᠡᠭᠵᠢᠭᠦᠯᠵᠦ ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠨᠢᠭᠡᠳᠦᠭᠡᠷ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠶ᠃ ᠤᠯᠠᠭᠠᠨᠮᠥ᠋ᠷᠡᠨ ᠰᠢᠨ᠎ᠡ ᠲᠣᠰᠬᠤᠨ ᠪᠣᠯᠤᠨ ᠯᠢᠦ ᠲᠠ ᠨᠡᠭᠦᠷᠡᠰᠦᠨ ᠠᠭᠤᠷᠬᠠᠶ ᠵᠡᠷᠭᠡ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠪᠦᠰᠡ ᠳᠤ᠂ ᠦ᠋ ᠶᠦᠨ᠂ ᠡᠮᠴᠢᠯᠡᠭᠡᠨ ᠤ ᠪᠠᠶᠢᠭᠤᠯᠤᠮᠵᠢ᠂ ᠪᠠᠭᠤᠳᠠᠯ᠂ ᠴᠢᠯᠦᠭᠡᠳᠦ ᠳᠡᠯᠭᠡᠭᠦᠷ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ ᠵᠡᠷᠭᠡ ᠭᠤᠤᠯᠳᠠᠯᠭ᠎ᠠ ᠲᠠᠢ ᠬᠦᠷᠢᠶᠡᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠳᠤᠮᠳᠠ ᠥᠨᠳᠥᠷ ᠲᠦᠭᠰᠢᠬᠦᠷᠢᠳᠡᠢ ᠭᠠᠵᠠᠷ ᠣᠷᠣᠨ ᠢ ᠲᠦᠷᠢᠮ ᠲᠣᠭᠲᠠᠭᠠᠯ ᠶᠣᠰᠣᠭᠠᠷ ᠴᠢᠩᠭ᠎ᠠ ᠢᠯᠭᠠᠨ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ  ᠨᠠᠶᠢᠳᠠᠪᠤᠷᠢᠵᠢᠭᠤᠯᠤᠨ᠂ ᠬᠥᠮᠦᠰ ᠢ ᠡᠵᠡᠮᠳᠡᠵᠦ ᠳᠡᠶᠢᠯᠬᠦ᠂ ᠦᠢᠯᠡᠳᠪᠦᠷᠢᠯᠡᠯ ᠢ ᠡᠮᠬᠢ ᠵᠢᠷᠤᠮ ᠲᠠᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ  ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号