| ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠡᠤ ᠶᠦᠨ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠠᠵᠢᠯ ᠢ ᠲᠤᠬᠠᠢ ᠶᠢᠨ | ᠭᠠᠵᠠᠷ ᠲᠤ ᠨᠢ ᠪᠠᠶᠢᠴᠠᠭᠠᠨ ᠦᠵᠡᠪᠡ ᠃ | ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠬᠤᠰᠢᠭᠤᠨ ᠳᠠᠬᠢ | ᠬᠤᠪᠢᠶᠠᠷᠢ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ᠂ ᠦ᠋ ᠶᠦᠨ ᠪᠡᠶ᠎ᠡ ᠶᠢᠨ ᠲᠤᠯᠠᠭᠠᠨ ᠤ ᠪᠠᠶᠢᠴᠠᠭᠠᠯᠲᠠ᠂ | ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ ᠵᠡᠷᠭᠡ ᠠᠵᠢᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠡᠯ᠎ᠡ | ᠵᠦᠢᠯ ᠤᠨ ᠰᠢᠯᠭᠠᠯᠲᠠ ᠶᠢᠨ ᠶᠠᠪᠤᠳᠠᠯ ᠤᠨ ᠲᠦᠷᠢᠮ ᠲᠣᠭᠲᠠᠭᠠᠯ ᠵᠢᠴᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠰᠢᠯᠭᠠᠯᠲᠠ ᠶᠢᠨ ᠴᠡᠭ ᠤᠨ ᠰᠤᠷᠭᠠᠭᠤᠯᠢ ᠵᠢᠴᠢ ᠡᠯ᠎ᠡ ᠬᠤᠯᠪᠤᠬᠳᠠᠯ | ᠪᠥᠬᠦᠶ ᠰᠠᠯᠠᠭ᠎ᠠ ᠮᠥᠴᠢᠷ ᠲᠤ᠂ ᠰᠢᠯᠭᠠᠯᠲᠠ ᠶᠢ ᠵᠣᠬᠢᠶᠠᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠡᠯ᠎ᠡ ᠭᠤᠭᠴᠤᠭ᠎ᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠰᠢᠯᠭᠠᠯᠲᠠ ᠶᠢᠨ ᠬᠤᠭᠤᠴᠠᠭᠠᠨ ᠳᠤ ᠵᠣᠬᠢᠶᠠᠨ ᠪᠠᠶᠢᠭᠤᠯᠵᠤ ᠬᠥᠲᠥᠯᠥᠨ ᠵᠢᠯᠣᠭᠤᠳᠬᠤ᠂ | ᠰᠢᠯᠭᠠᠯᠲᠠ ᠶᠢᠨ ᠬᠠᠭᠤᠳᠠᠰᠤ ᠶᠢ ᠵᠥᠭᠡᠭᠡᠪᠦᠷᠢᠯᠡᠬᠦ ᠶᠢ ᠪᠠᠲᠤᠯᠠᠬᠤ᠂ ᠲᠤᠬᠠᠶ ᠶᠢᠨ ᠲᠠᠯᠠᠪᠠᠶ ᠳᠤ ᠬᠢᠨᠠᠨ ᠰᠢᠯᠭᠠᠬᠤ | ᠵᠡᠷᠭᠡ ᠠᠵᠢᠯ ᠢ ᠰᠠᠶᠢᠲᠤᠷ ᠬᠢᠵᠦ᠂ ᠰᠠᠬᠢᠯᠭ᠎ᠠ ᠪᠠᠲᠤ ᠴᠢᠩᠭ᠎ᠠ᠂ ᠵᠢᠷᠤᠮᠵᠢᠯ ᠨᠠᠷᠢᠨ ᠨᠢᠮᠪᠠᠶ᠂ ᠡᠷᠴᠢ ᠵᠣᠷᠢᠭ ᠢ | ᠬᠥᠪᠴᠢᠯᠡᠬᠦ ᠰᠢᠯᠭᠠᠯᠲᠠ ᠶᠢᠨ ᠲᠠᠯᠠᠪᠠᠶ ᠶᠢᠨ ᠠᠭᠤᠷ ᠠᠮᠢᠰᠬᠤᠯ ᠢ ᠪᠣᠶ ᠪᠣᠯᠭᠠᠵᠤ᠂ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠥᠬᠦ ᠶᠠᠪᠤᠴᠠ ᠳᠤ ᠵᠣᠬᠢᠶᠠᠨ ᠪᠠᠶᠢᠭᠤᠯᠤᠯᠲᠠ | ᠴᠢᠩᠭ᠎ᠠ ᠨᠢᠮᠪᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠭᠠᠯᠲᠠ ᠠᠴᠠ ᠡᠮᠦᠨ᠎ᠡ᠂ ᠰᠢᠯᠭᠠᠯᠲᠠ ᠶᠢᠨ | ᠳᠤᠮᠳᠠ᠂ ᠰᠢᠯᠭᠠᠯᠲᠠ ᠶᠢᠨ ᠳᠠᠷᠠᠭᠠᠬᠢ ᠵᠠᠮ ᠬᠠᠷᠢᠯᠴᠠᠭᠠᠨ ᠤ ᠡᠮᠬᠢ ᠳᠢᠭᠯᠢᠮ᠂ ᠢᠳᠡᠭᠡᠨ ᠤ ᠠᠮᠤᠷ ᠲᠦᠪᠰᠢᠨ᠂ | ᠰᠡᠳᠬᠢᠴᠡ ᠶᠢᠨ ᠵᠢᠯᠣᠭᠤᠳᠤᠮᠵᠢ᠂ ᠪᠠᠷᠢᠯᠭ᠎ᠠ ᠶᠢᠨ ᠬᠠᠮᠢᠶᠠᠷᠤᠯᠲᠠ ᠡᠵᠡᠮᠳᠡᠯ᠂ ᠨᠠᠷᠠᠰᠢᠬᠤ ᠠᠴᠠ ᠰᠡᠷᠬᠡᠶᠢᠯᠡᠬᠦ ᠵᠡᠷᠭᠡ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠴᠢᠩᠭ᠎ᠠ ᠰᠠᠶᠢᠲᠤᠷ ᠬᠢᠵᠦ᠂ ᠠᠮᠤᠷ ᠲᠦᠪᠰᠢᠨ ᠡᠮᠬᠢ ᠵᠢᠷᠤᠮ ᠲᠠᠢ | ᠰᠢᠯᠭᠠᠯᠲᠠ ᠶᠢᠨ ᠲᠠᠯᠠᠪᠤᠷ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠰᠢᠯᠭᠠᠭᠤᠯᠤᠭᠰᠠᠳ ᠪᠣᠯᠤᠨ ᠰᠢᠯᠭᠠᠯᠲᠠ ᠶᠢᠨ ᠶᠠᠪᠤᠳᠠᠯ ᠤᠨ | ᠠᠵᠢᠯᠲᠠᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠭᠡᠨᠡᠳᠲᠡ ᠶᠢᠨ ᠪᠠᠶᠢᠳᠠᠯ ᠢ ᠴᠠᠭ | ᠲᠤᠬᠠᠢ ᠳᠤ ᠨᠢ ᠪᠦᠲᠦᠮᠵᠢᠲᠡᠢ ᠠᠷᠭᠠᠴᠠᠭᠠᠵᠤ᠂ ᠰᠤᠷᠤᠭᠴᠢᠳ ᠰᠡᠳᠬᠢᠯ ᠠᠮᠤᠷ᠂ ᠭᠡᠷ ᠤᠨ ᠠᠬᠠᠮᠠᠳ ᠰᠠᠨᠠᠭ᠎ᠠ ᠠᠮᠤᠷ | ᠂ ᠨᠡᠶᠢᠭᠡᠮ ᠬᠠᠨᠤᠮᠵᠢᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠠᠬᠢᠪᠠ ᠃ | ᠡᠨᠡ ᠵᠢᠯ ᠮᠠᠨ ᠤ ᠬᠤᠰᠢᠭᠤ ᠨᠡᠶᠢᠲᠡ 693 ᠰᠢᠯᠭᠠᠭᠤᠯᠤᠭᠴᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠵᠤ᠂ 1 ᠰᠢᠯᠭᠠᠯᠲᠠ ᠶᠢᠨ ᠴᠡᠭ᠂ 29 ᠰᠢᠯᠭᠠᠯᠲᠠ ᠶᠢᠨ | ᠲᠠᠯᠠᠪᠤᠷ ︵25 ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠤᠷ᠂ 3 ᠲᠤᠰᠠᠭᠠᠷᠯᠠᠬᠤ ᠰᠢᠯᠭᠠᠯᠲᠠ ᠶᠢᠨ ᠲᠠᠯᠠᠪᠤᠷ | ᠪᠠ 1 ᠪᠡᠯᠡᠳᠬᠡᠯ ᠰᠢᠯᠭᠠᠯᠲᠠ ᠶᠢᠨ ᠲᠠᠯᠠᠪᠤᠷ︶ ᠭᠠᠷᠭᠠᠵᠠᠶ᠃ | | | | | |