ᠮᠠᠨ ᠤ ᠬᠤᠰᠢᠭᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/10/12
     ᠮᠠᠨ ᠤ ᠬᠤᠰᠢᠭᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠬᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠡᠬᠢᠯᠡᠭᠦᠯᠬᠦ ᠪᠠᠷ ᠭᠠᠷᠲᠠᠴᠠ ᠪᠣᠯᠭᠠᠨ  ᠂ ᠴᠢᠨᠠᠷ ᠰᠠᠶᠢᠲᠠᠶ ᠬᠥᠭᠵᠢᠯᠲᠡ ᠶᠢᠨ ᠵᠠᠮ ᠲᠡᠭᠡᠷ᠎ᠡ ᠲᠤᠪᠳᠤᠯᠵᠤ ᠪᠠᠶᠢᠨ᠎ᠠ᠃      ᠤᠶᠢᠷ᠎ᠠ ᠳᠤ᠂ ᠰᠤᠷᠪᠤᠯᠵᠢᠯᠠᠭᠴᠢ ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠶᠤᠸᠠᠨ ᠵᠢᠩ ᠣᠲᠣ ᠦᠶ᠎ᠡ ᠶᠢᠨ ᠡᠨᠧᠷᠭᠢ ᠶᠢᠨ ᠲᠤᠨᠤᠬᠯᠠᠯ ᠦᠢᠯᠡᠳᠬᠦ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠴᠢᠳ ᠲᠣᠨᠤᠭ ᠲᠥᠬᠦᠭᠡᠷᠦᠮᠵᠢ ᠶᠢ ᠲᠤᠬᠢᠷᠠᠭᠤᠯᠤᠨ ᠲᠤᠷᠰᠢᠬᠤ ᠪᠠᠷ ᠶᠠᠭᠠᠷᠠᠯᠲᠠᠶ ᠠᠵᠢᠯᠯᠠᠵᠤ ᠪᠠᠶᠢᠬᠤ ᠶᠢ ᠣᠯᠵᠤ ᠬᠠᠷᠠᠪᠠ᠃      ᠶᠤᠸᠠᠨ ᠵᠢᠩ ᠬᠥᠳᠡᠯᠭᠡᠭᠴᠢ ᠬᠦᠴᠦᠨ ᠤ ᠮᠡᠷᠭᠡᠵᠢᠯ ︵ᠣᠷᠳᠣᠰ ᠬᠤᠲᠠ︶᠎ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠲᠢᠶᠠᠨ ᠳ᠋ᠦᠩ ᠴᠧᠩ ᠰᠤᠷᠪᠤᠯᠵᠢᠯᠠᠬᠴᠢ ᠳᠤ  ᠄ ︽ ᠤᠳᠤᠬᠠᠨ ᠪᠣᠯᠲᠠᠯ᠎ᠠ᠂ ᠪᠢᠳᠡ ᠨᠢᠭᠡᠨᠲᠡ ᠭᠤᠤᠯ ᠴᠣᠭᠴᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠣᠨᠤᠭ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠱᠠᠲᠤᠨ ᠳᠤ  ᠤᠷᠤᠵᠦ  ᠂ ᠪᠦᠬᠦᠯᠢ ᠴᠣᠭᠴᠠ ᠶᠢᠨ ᠲᠥᠷᠥᠯ ᠵᠦᠢᠯ ᠤᠨ 80 %᠎ ᠶᠢ ᠪᠡᠶᠡᠯᠡᠭᠦᠯᠵᠦ᠂ ᠵᠢᠱᠢᠯᠲᠡ ᠪᠠᠷ 4 ᠳ᠋ᠦ᠋ᠭᠡᠷ ᠰᠠᠷ᠎ᠠ ᠶᠢᠨ 1᠎ ᠤ ᠡᠳᠦᠷ᠂ ᠪᠦᠬᠦ᠋ᠢᠯᠡ ᠦᠢᠯᠡᠳᠪᠦᠷᠢᠯᠡᠯ ᠤᠨ ᠱᠤᠭᠤᠮ ᠨᠢ ᠵᠢᠩᠬᠢᠨᠢ ᠪᠠᠷ ᠪᠦᠭᠡᠮ ᠢᠶᠠᠷ ᠦᠢᠯᠡᠳᠪᠦᠷᠢᠯᠡᠬᠦ ᠱᠠᠲᠤᠨ ᠳᠤ ᠣᠷᠣᠨ᠎ᠠ︾᠎  ᠭᠡᠪᠡ᠃      ᠣᠷᠳᠣᠰ ᠤᠨ ᠶᠤᠸᠠᠨ ᠵᠢᠩ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠠᠵᠤ  ᠦᠢᠯᠡᠰ ᠤᠨ ᠬᠦᠷᠢᠶᠡᠯᠡᠩ ᠤᠨ ᠲᠥᠷᠥᠯ ᠵᠦᠢᠯ 2021 ᠣᠨ ᠤ 2 ᠳ᠋ᠤᠭᠠᠷ ᠰᠠᠷ᠎ᠠ ᠳᠤ ᠮᠠᠨ ᠤ ᠬᠤᠰᠢᠭᠤᠨ ᠳᠤ ᠨᠤᠲᠤᠭᠰᠢᠵᠤ᠂ 3 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠪᠡ᠃ ᠲᠤᠬᠠᠶ ᠶᠢᠨ ᠭᠠᠵᠠᠷ ᠤᠨ ᠵᠢᠯ ᠪᠦᠷᠢ ᠶᠢᠨ ᠪᠠᠷᠢᠯᠭ᠎ᠠ ᠪᠠᠷᠢᠬᠤ ᠳᠤ ᠲᠤᠬᠢᠷᠠᠮᠵᠢᠳᠠᠢ  ᠴᠠᠭ ᠨᠢ ᠵᠥᠪᠬᠡᠨ 8 ᠰᠠᠷ᠎ᠠ ᠪᠠᠶᠢᠳᠠᠭ ᠴᠤ  ᠪᠥᠬᠦ ᠶᠠᠪᠤᠴᠠ᠂ ᠪᠥᠬᠦ ᠲᠠᠯ᠎ᠠ ᠶᠢᠨ ᠠᠰᠠᠷᠠᠭᠴᠢ ᠮᠠᠶ᠋ᠢᠭ ᠤᠨ ᠦᠢᠯᠡᠴᠢᠯᠡᠭᠡ ᠨᠢ ᠠᠵᠤ ᠠᠬᠤᠶᠢᠯᠠᠯ ᠤᠨ ᠲᠥᠷᠥᠯ ᠵᠦᠢᠯ ᠢ ᠲᠣᠭᠲᠠᠭᠠᠭᠰᠠᠨ ᠠᠴᠠ ᠣᠲᠣ ᠪᠣᠯᠲᠠᠯ᠎ᠠ ᠠᠵᠢᠯ ᠵᠣᠭᠰᠣᠭᠰᠠᠨ ᠥᠬᠡᠶ ᠪᠠᠶᠢᠬᠤ ᠶᠢ ᠪᠡᠶᠡᠯᠡᠭᠦᠯᠪᠡ᠃      ᠶᠤᠸᠠᠨ ᠵᠢᠩ ᠬᠥᠳᠡᠯᠭᠡᠭᠴᠢ ᠬᠦᠴᠦᠨ ᠤ ᠮᠡᠷᠭᠡᠵᠢᠯ ︵ᠣᠷᠳᠣᠰ ᠬᠤᠲᠠ︶᠎ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠲᠢᠶᠠᠨ ᠳ᠋ᠦᠩ ᠴᠧᠩ ᠰᠤᠷᠪᠤᠯᠵᠢᠯᠠᠬᠴᠢ ᠳᠤ᠄ ︽ᠠᠰᠠᠷᠠᠭᠴᠢ ᠮᠠᠶ᠋ᠢᠭ ᠤᠨ ᠦᠢᠯᠡᠴᠢᠯᠡᠭᠡ᠂ ᠨᠢᠭᠡ ᠦᠷᠳᠡᠭᠡᠴᠢᠯᠡᠭᠰᠡᠨ ᠦᠢᠯᠡᠴᠢᠯᠡᠭᠡ ᠨᠢ ᠪᠢᠳᠡᠨ ᠤ ᠬᠡᠷᠡᠭᠰᠡᠬᠦ ᠬᠠᠮᠢᠶ᠎ᠠ ᠪᠥᠬᠦᠶ ᠮᠡᠳᠡᠭᠦᠯᠦᠨ ᠵᠥᠪᠰᠢᠶᠡᠷᠡᠭᠦᠯᠵᠦ ᠪᠡᠶᠡᠯᠡᠬᠦᠯᠬᠦ ᠭᠠᠷ ᠬᠦᠢᠴᠡᠳᠬᠡᠯ ᠢ ᠲᠦᠷᠭᠡᠨ ᠪᠡᠶᠡᠯᠡᠭᠦᠯᠵᠦ ᠴᠢᠳᠠᠨ᠎ᠠ᠃ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠳᠤ᠂ ᠵᠠᠰᠠᠭ ᠤᠨ ᠣᠷᠳᠣᠨ ᠪᠢᠳᠡᠨ ᠤ ᠬᠦᠴᠢᠷ ᠠᠰᠠᠭᠤᠳᠠᠯ ᠢ ᠲᠦᠷᠭᠡᠨ  ᠰᠢᠢᠳᠪᠦᠷᠢᠯᠡᠵᠦ᠂ ᠪᠢᠳᠡ ᠵᠠᠰᠠᠭ ᠤᠨ ᠣᠷᠳᠣᠨ ᠲᠠᠢ ᠮᠠᠰᠢ ᠭᠦᠨ ᠵᠤᠵᠠᠭᠠᠨ ᠢᠲᠡᠭᠡᠯ ᠤᠨ ᠬᠠᠷᠢᠴᠠᠭ᠎ᠠ ᠪᠠᠶᠢᠭᠤᠯᠤᠭᠰᠠᠨ ᠪᠥᠭᠡᠳ ᠪᠢᠳᠡᠨ ᠤ ᠣᠷᠳᠣᠰ ᠲᠤ ᠪᠠᠯᠠ ᠣᠷᠣᠭᠤᠯᠬᠤ ᠢᠲᠡᠭᠡᠯ ᠵᠣᠷᠢᠭ ᠢ ᠴᠤ ᠪᠠᠲᠤᠳᠬᠠᠵᠠᠶ︾᠎  ᠬᠡᠰᠡᠨ ᠪᠠᠶᠢᠨ᠎ᠠ᠃      ᠦᠨᠦ ᠵᠢᠯ᠂ ᠮᠠᠨ ᠤ ᠬᠤᠰᠢᠭᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠲᠣᠯᠣᠭᠠᠶᠢᠯᠠᠭᠴᠢ ᠪᠣᠯᠭᠠᠵᠤ᠂ ᠭᠤᠣᠯᠳᠠᠯᠭ᠎ᠠ ᠲᠠᠢ ᠲᠥᠷᠥᠯ ᠵᠦᠢᠯ ᠢ ᠠᠵᠢᠯ ᠡᠬᠢᠯᠡᠭᠦᠯᠬᠦ ᠪᠠᠷ ᠭᠠᠷᠲᠠᠴᠠ ᠪᠣᠯᠭᠠᠨ᠂ ᠡᠯᠧᠮᠧᠨ᠋ᠲ ᠤᠨ ᠬᠢᠵᠠᠭᠠᠷᠯᠠᠯ ᠢ ᠰᠢᠢᠳᠪᠦᠷᠢᠯᠡᠬᠦ ᠳᠡᠭᠡᠷ᠎ᠡ ᠳᠠᠬᠢᠨ ᠰᠢᠨ᠎ᠡ ᠶᠢ ᠡᠭᠦᠳᠴᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠳᠡᠭᠡᠷ᠎ᠡ ᠳᠠᠬᠢᠨ ᠬᠦᠴᠦᠯᠡᠵᠦ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠠᠯ᠎ᠠ ᠪᠠᠷ ᠳᠠᠬᠢᠨ ᠰᠢᠪᠲᠤᠯᠤᠯᠲᠠ ᠭᠠᠷᠭᠠᠵᠤ᠂ ᠡᠯ᠎ᠡ ᠲᠥᠷᠥᠯ ᠵᠦᠢᠯ ᠤᠨ ᠠᠵᠢᠯ ᠡᠬᠢᠯᠡᠬᠦ᠂ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠬᠤ ᠳᠤ ᠠᠰᠠᠷᠠᠭᠴᠢ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ᠪᠥᠬᠦ ᠵᠢᠯ ᠳᠤ 245 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 1014.9 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠤ 256.75 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠳᠣᠬᠠᠨ ᠪᠣᠯᠲᠠᠯ᠎ᠠ᠂ 21 ᠵᠦᠢᠯ ᠤᠨ ᠪᠠᠷᠢᠯᠭ᠎ᠠ ᠶᠢ ᠨᠢ ᠨᠢᠭᠡᠨᠲᠡ ᠡᠬᠢᠯᠡᠭᠦᠯᠦᠨ ᠰᠡᠷᠭᠦᠭᠡᠵᠦ᠂ 8.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃        
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号