ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ ᠲᠤ ᠬᠤᠯᠪᠣᠭᠳᠠᠭᠰᠠᠨ ᠠᠵᠤ ᠠᠬᠤᠶᠢᠯᠠᠯ ᠳᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2022/10/19
      ᠣᠶᠢᠷ᠎ᠠ ᠳᠤ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ︽ᠠᠳᠡᠯ ᠤᠨ ᠳᠠᠯᠳᠠ ᠬᠡᠮ ᠢ ᠠᠷᠢᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ︾᠎ ᠪᠠᠷ ᠭᠤᠤᠯ ᠰᠡᠳᠦᠪ ᠪᠣᠯᠭᠠᠭᠰᠠᠨ ᠣᠶ ᠰᠢᠭᠤᠶ ᠳᠤ ᠬᠤᠯᠪᠣᠭᠳᠠᠭᠰᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠪᠡ᠃      ᠲᠣᠰ ᠤᠳᠠᠭ᠎ᠠ ᠭᠤᠤᠯᠳᠠᠭᠤ ᠣᠶ ᠰᠢᠭᠤᠶ ᠳᠤ ᠬᠤᠯᠪᠣᠭᠳᠠᠭᠰᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠦᠷᠢᠮ ᠲᠣᠭᠲᠠᠭᠠᠯ ᠢ ᠬᠡᠷᠡᠭᠵᠢᠭᠦᠯᠦᠭᠰᠡᠨ᠂ ᠠᠮᠤᠷ ᠲᠦᠪᠰᠢᠨ ᠤ ᠰᠡᠷᠡᠮᠵᠢ ᠶᠢᠨ ᠫᠠᠶᠢᠰᠠ ᠭᠠᠷᠭᠠᠭᠰᠠᠨ᠂ ᠮᠣᠳᠣᠨ ᠮᠠᠲ᠋ᠧᠷᠢᠶᠠᠯ ᠮᠣᠳᠣᠨ ᠦᠷᠦᠪᠳᠡᠰᠦ ᠣᠪᠣᠭᠠᠯᠠᠭᠰᠠᠨ᠂ ᠭᠠᠯ ᠤᠨᠲᠠᠷᠠᠭᠠᠬᠤ ᠤᠰᠤᠨ ᠴᠥᠭᠦᠷᠥᠮ ᠤᠨ ᠤᠰᠤ ᠬᠠᠳᠠᠭᠠᠯᠠᠭᠰᠠᠨ ᠬᠡᠮᠵᠢᠶ᠎ᠡ ᠵᠡᠷᠭᠡ ᠪᠠᠶᠢᠳᠠᠯ ᠢ ᠪᠠᠶᠢᠴᠠᠭᠠᠬᠤ ᠶᠢᠨ ᠬᠠᠮᠲᠤ᠂ ᠠᠵᠤ ᠠᠬᠤᠶᠢᠯᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢ ᠪᠠᠲᠤᠯᠠᠭᠰᠠᠨ ᠪᠠᠶᠢᠨ᠎ᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ