| ᠡᠵᠡᠨ ᠬᠤᠷᠤᠭ᠎ᠠ ᠬᠤᠰᠢᠭᠤᠨ ᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠶᠡᠭᠡ ᠠᠩᠭᠢ ᠣᠯᠠᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠡᠭᠦᠰᠬᠦ ᠶᠢ ᠰᠡᠷᠭᠡᠶᠢᠯᠡᠨ ᠡᠵᠡᠮᠳᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠥᠬᠡᠮᠳᠦᠭ ᠨᠣᠭᠤᠭᠠᠨ | ᠠᠭᠤᠯᠠ ᠤᠰᠤ ᠶᠢ ᠰᠠᠬᠢᠨ ᠬᠠᠮᠠᠭᠠᠯᠠᠨ᠎ᠠ᠃ | ᠡᠵᠡᠨ ᠬᠤᠷᠤᠭ᠎ᠠ ᠬᠤᠰᠢᠭᠤᠨ ᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠭᠠᠯ ᠤᠨᠲᠠᠷᠠᠭᠠᠬᠤ | ᠠᠩᠭᠢ ᠶᠢᠨ ᠠᠵᠢᠯᠳᠠᠳ ᠠᠯᠲᠠᠨᠰᠢᠷᠡᠭᠡ ᠪᠠᠯᠭᠠᠰᠤᠨ ᠤ ᠪᠤᠷᠭᠠᠰᠤᠳᠤ ᠶᠢᠨ ᠭᠤᠤᠯ ᠲᠣᠰᠬᠤᠨ ᠳᠤ ᠭᠦᠨᠵᠡᠭᠡᠶᠢᠷᠡᠨ ᠡᠷᠦᠬᠡ ᠳᠤ ᠣᠷᠣᠵᠤ ᠣᠶ ᠰᠢᠭᠤᠶ ᠶᠢᠨ ᠲᠦᠢᠮᠡᠷ ᠢ | ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠢᠪᠡ᠃ ᠡᠭᠦᠨ ᠤ ᠬᠠᠮᠲᠤ᠂ ᠡᠯ᠎ᠡ ᠪᠠᠯᠭᠠᠰᠤᠨ ᠤ ᠬᠢᠨ ᠭᠠᠯ ᠰᠡᠷᠭᠡᠶᠢᠯᠡᠬᠦ ᠠᠵᠢᠯ ᠤᠨ ᠣᠬᠤᠷ ᠮᠡᠳᠡᠭᠡ᠂ ᠵᠢᠷᠬᠢᠷ᠎ᠡ ᠶᠢᠨ | ᠬᠤᠯᠪᠣᠭ᠎ᠠ ᠪᠠᠷ ᠳᠠᠮᠵᠢᠭᠤᠯᠤᠨ᠂ ᠲᠣᠰᠬᠤᠨ᠂ ᠬᠤᠷᠰᠢᠶ᠎ᠠ᠂ ᠲᠣᠭᠤᠷᠢᠨ ᠬᠠᠮᠠᠭᠠᠯᠠᠭᠴᠢᠳ ᠲᠤ ᠭᠠᠯ ᠰᠡᠷᠭᠡᠶᠢᠯᠡᠬᠦ ᠠᠵᠢᠯ ᠤᠨ ᠡᠭᠦᠷᠭᠡ ᠶᠢ ᠴᠠᠭ ᠲᠤᠬᠠᠢ ᠳᠤᠨᠢ | ᠲᠠᠮᠵᠢᠭᠤᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠵᠡᠷᠭᠡ ᠳᠡᠰ ᠢ ᠮᠡᠳᠡᠭᠳᠡᠵᠦ᠂ ᠠᠵᠢᠯ ᠤᠨ ᠮᠡᠳᠡᠭᠡ ᠵᠠᠩᠭᠢ ᠪᠣᠯᠤᠨ ᠭᠠᠯ ᠤᠨ ᠭᠠᠮᠰᠢᠭ ︵ | ᠪᠠᠶᠢᠳᠠᠯ︶ ᠤᠨ ᠬᠥᠳᠡᠯᠦᠩᠭᠦᠢ ᠮᠡᠳᠡᠭᠡ ᠵᠠᠩᠭᠢ ᠶᠢ ᠳᠡᠭᠡᠭᠰᠢ ᠮᠡᠳᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠠᠩᠬᠠᠷᠬᠤ | ᠵᠦᠢᠯᠡᠰ ᠢ ᠤᠬᠠᠭᠤᠯᠵᠤ᠂ ᠭᠠᠯ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ | ᠡᠵᠡᠨ ᠬᠤᠷᠤᠭ᠎ᠠ ᠬᠤᠰᠢᠭᠤᠨ ᠳᠤ 398 . 53 ᠲᠦᠮᠡᠨ ᠮᠥ ᠣᠶᠢᠲᠤ ᠭᠠᠵᠠᠷ᠂ 650 . 3 ᠲᠦᠮᠡᠨ ᠮᠥ ᠪᠠᠶᠢᠭᠠᠯᠢ ᠶᠢᠨ ᠬᠠᠳᠤᠯᠠᠩ ᠪᠡᠯᠴᠢᠭᠡᠷ ᠲᠠᠢ | ᠪᠠᠶᠢᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 36 . 35 % ᠳᠤ ᠬᠦᠷᠴᠦ᠂ ᠤᠷᠭᠤᠮᠠᠯ ᠤᠨ ᠪᠦᠷᠬᠦᠴᠡ ᠶᠢᠨ ᠬᠡᠮᠵᠢᠶ᠎ᠡ 88 % ᠳᠤ ᠬᠦᠷᠴᠡᠶ᠃ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠲᠠᠢ ᠣᠷᠣᠨ ᠣᠯᠠᠨ᠂ ᠬᠡᠪᠴᠢᠶ᠎ᠡ ᠥᠷᠭᠡᠨ ᠪᠣᠯᠬᠤᠷ ᠰᠡᠷᠭᠡᠶᠢᠯᠡᠬᠦ ᠳᠤ ᠨᠡᠯᠢᠶᠡᠳ ᠬᠦᠴᠢᠷᠲᠡᠶ ᠪᠠᠶᠢᠳᠠᠭ᠃ ᠭᠠᠯ | ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠪᠥᠬᠦ ᠬᠤᠰᠢᠭᠤᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠠᠭᠤᠯᠠᠨ ᠳᠤ ᠴᠠᠭᠳᠠᠬᠤ ᠬᠥᠮᠦᠨ ᠲᠠᠢ᠂ ᠵᠠᠮ ᠢ ᠰᠠᠬᠢᠬᠤ ᠬᠥᠮᠦᠨ ᠲᠠᠢ᠂ | ᠲᠠᠮᠠᠬᠢ ᠶᠢ ᠪᠠᠶᠢᠴᠠᠭᠠᠬᠤ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ ᠪᠠᠶᠢᠬᠤ ᠶᠢ ᠪᠡᠶᠡᠯᠡᠬᠦᠯᠦᠨ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ | ᠵᠥᠪᠰᠢᠶᠡᠷᠡᠬᠦ᠂ ᠰᠢᠮᠳᠠᠭᠤᠯᠤᠨ ᠪᠠᠶᠢᠴᠠᠭᠠᠬᠤ᠂ ᠲᠣᠭᠤᠷᠢᠨ ᠬᠠᠮᠠᠭᠠᠯᠠᠬᠤ᠂ ᠣᠴᠦ᠋ᠢᠨ ᠰᠠᠬᠢᠬᠤ ᠵᠡᠷᠭᠡ ᠡᠯ᠎ᠡ ᠵᠦᠢᠯ ᠤᠨ ᠭᠠᠯ ᠤᠨ ᠡᠬᠢ ᠰᠤᠷᠪᠤᠯᠵᠢ ᠶᠢ ᠡᠵᠡᠮᠳᠡᠬᠦ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠦ᠂ ᠬᠢᠨᠠᠨ ᠰᠢᠯᠭᠠᠵᠤ ᠬᠠᠷᠢᠭᠤᠴᠠᠯᠭ᠎ᠠ ᠬᠡᠯᠡᠯᠴᠡᠬᠦ ᠡᠷᠴᠢᠮ ᠢᠶᠠᠨ ᠨᠡᠮᠡᠭᠳᠡᠬᠦᠯᠦᠨ᠂ ᠦᠵᠡᠯ ᠰᠠᠨᠠᠭ᠎ᠠ | ᠲᠠᠨᠢᠯᠲᠠ ᠪᠠᠨ ᠪᠣᠳᠠᠲᠠᠶᠢᠵᠢᠭᠤᠯᠤᠭᠰᠠᠨ ᠦᠭᠡᠶ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠶ᠂ ᠠᠵᠢᠯ ᠢᠶᠠᠨ ᠬᠠᠷᠢᠭᠤᠴᠠᠭᠰᠠᠨ ᠦᠭᠡᠶ᠂ ᠳᠠᠯᠳᠠ ᠭᠡᠮ ᠢ | ᠴᠡᠭᠴᠡᠯᠡᠨ ᠰᠠᠶᠢᠵᠢᠷᠠᠭᠤᠯᠤᠭᠰᠠᠨ ᠦᠭᠡᠶ᠂ ᠭᠠᠯ ᠲᠦᠢᠮᠡᠷ ᠢ ᠳᠠᠷᠤᠵᠤ ᠤᠨᠲᠠᠷᠠᠭᠠᠭᠰᠠᠨ ᠨᠢ ᠬᠦᠴᠦᠨ ᠦᠭᠡᠶ ᠵᠢᠴᠢ ᠭᠠᠯ ᠲᠦᠢᠮᠡᠷ ᠤᠨ ᠪᠠᠶᠢᠳᠠᠯ ᠢ ᠨᠢᠭᠤᠵᠤ | ᠮᠡᠳᠡᠭᠦᠯᠦᠭᠰᠡᠨ ᠦᠭᠡᠶ ᠵᠡᠷᠭᠡ ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠦᠢᠯᠡ ᠠᠵᠢᠯᠯᠠᠭ᠎ᠠ ᠳᠤ ᠬᠤᠯᠪᠣᠭᠳᠠᠯ ᠪᠦᠬᠦᠢ ᠨᠢᠭᠡᠴᠢ ᠪᠣᠯᠤᠨ | ᠬᠤᠪᠢ ᠬᠥᠮᠦᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠪᠡ᠃ | ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 | ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ︽ᠭᠠᠯ ᠪᠠᠶᠢᠪᠠᠯ ᠵᠠᠪᠠᠯ ᠮᠡᠳᠡᠭᠦᠯᠬᠦ︾᠂ ︽ᠭᠠᠯ ᠤᠨᠲᠠᠷᠠᠭᠠᠬᠤ ᠶᠢ ᠵᠡᠷᠭᠡ ᠪᠠᠷ | ᠶᠠᠪᠤᠭᠳᠠᠭᠤᠯᠬᠤ︾ ᠵᠢᠴᠢ ᠭᠤᠤᠯᠳᠠᠯᠭ᠎ᠠ ᠲᠠᠢ ᠴᠠᠭ ᠬᠤᠭᠤᠴᠠᠭᠠᠨ ᠳᠤ ︽ ᠲᠡᠭ ᠮᠡᠳᠡᠬᠦᠯᠦᠯᠳᠡ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠨᠣᠪᠴᠢᠲᠠᠶ | ᠴᠡᠷᠢᠭᠵᠢᠭᠰᠡᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠡᠳᠦᠷ ᠲᠤᠲᠤᠮ ᠤᠨ ᠪᠣᠯᠪᠠᠰᠤᠷᠠᠯ᠂ ᠭᠠᠯ ᠤᠨᠲᠠᠷᠠᠭᠠᠬᠤ ᠪᠣᠯᠪᠠᠰᠤᠷᠠᠯ ᠪᠠ ᠵᠢᠩᠬᠢᠨᠢ ᠪᠠᠶᠢᠯᠳᠤᠭᠠᠨ ᠤ | ᠰᠣᠷᠢᠯᠲᠠ ᠶᠢ ᠴᠢᠩᠭᠠᠳᠬᠠᠵᠤ᠂ ᠲᠣᠨᠤᠭ ᠲᠥᠬᠦᠭᠡᠷᠦᠮᠵᠢ᠂ ᠮᠠᠰᠢᠨ ᠪᠠᠭᠠᠵᠢ ᠪᠠᠶᠢᠴᠠᠭᠠᠨ ᠵᠠᠰᠠᠬᠤ ᠪᠠ ᠡᠳ᠋ ᠪᠠᠷᠠᠭ᠎ᠠ ᠨᠥᠭᠡᠴᠡᠯᠡᠬᠦ ᠠᠵᠢᠯ ᠢ ᠭᠦᠢᠴᠡᠳ ᠰᠠᠶᠢᠲᠤᠷ | ᠬᠢᠵᠦ᠂ ᠭᠠᠯ ᠤᠨ ᠪᠠᠶᠢᠳᠠᠯ ᠢ ᠣᠯᠵᠤ ᠮᠡᠳᠡᠮᠡᠭᠴᠡ ᠲᠦᠷᠭᠡᠨ ᠳᠠᠭᠠᠷᠢᠯᠲᠠ ᠬᠢᠵᠦ᠂ ᠲᠦᠷᠭᠡᠨ ᠤᠨᠲᠠᠷᠠᠭᠠᠵᠤ ᠠᠪᠤᠷᠠᠨ᠂ ᠠᠩᠬ᠎ᠠ ᠡᠭᠦᠰᠬᠦ ᠱᠠᠲᠤ ᠦᠶ᠎ᠡ ᠳᠤ | ᠭᠠᠯ ᠤᠨ ᠪᠠᠶᠢᠳᠠᠯ ᠢ ᠲᠦᠷᠭᠡᠬᠡᠨ ᠠᠷᠢᠯᠭᠠᠬᠤ ᠶᠢ ᠦᠨᠡᠨᠬᠦ ᠪᠠᠲᠤᠯᠠᠵᠤ᠂ ᠭᠠᠯ ᠤᠨ ᠠᠶᠤᠯ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ | ᠪᠠᠭᠤᠷᠠᠭᠤᠯᠪᠠ᠃ |