ᠪᠥᠭᠡᠮ ᠬᠦᠴᠢᠯ ᠤᠨ ᠦᠯᠢᠭᠡᠷ ᠠᠪᠬᠤ ᠴᠡᠭ ᠲᠤ ᠰᠤᠷᠤᠭᠴᠢ ᠶᠢᠨ ᠨᠡᠪᠳᠡᠷᠡᠬᠦ ᠵᠠᠮ ᠲᠤᠬᠢᠷᠠᠭᠤᠯᠵᠤ ᠰᠦᠯᠵᠢᠶᠡᠨ ᠤ ᠬᠢᠴᠢᠶᠡᠯ ᠤᠷᠤᠬᠤ ᠳᠤ ᠨᠢ ᠴᠠᠭ ᠤᠨ ᠪᠠᠳᠤᠯᠠᠭ᠎ᠠ ᠬᠠᠩᠭᠠᠵᠤ ᠪᠤᠢ
ᠨᠡᠶᠢᠲᠡᠯᠡᠭᠰᠡᠨ ᠴᠠᠭ᠄
2022/10/22
   ᠣᠳᠣᠬᠠᠨ ᠤ ᠬᠢᠵᠢᠭ ᠤᠨ ᠨᠥᠯᠥᠭᠡ ᠠᠴᠠ ᠪᠣᠯᠵᠣ᠂ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠦᠷ ᠰᠤᠷᠭᠠᠭᠤᠯᠢ ᠡᠬᠢᠯᠡᠬᠦ ᠪᠠᠨ ᠵᠤᠭᠰᠤᠵᠤ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠢ ᠦᠷᠨᠢᠬᠦᠯᠬᠦ ᠪᠠᠷ ᠲᠤᠭᠳᠠᠭᠰᠠᠨ ᠪᠤᠯᠬᠤᠷ᠂ ᠪᠣᠯᠪᠠᠰᠤᠨ ᠵᠡᠭᠡᠯᠢ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠨᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠳᠠᠭᠠᠭᠤᠯᠭ᠎ᠠ ᠳᠤᠤᠷ᠎ᠠ᠂ ᠢᠦᠶ ᠵᠢᠩ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠪᠥᠭᠡᠮ ᠬᠦᠴᠢᠯ ᠤᠨ ᠥᠯᠢᠭᠡᠷ ᠠᠪᠬᠤ ᠴᠡᠭ ᠲᠤ ︽ ᠰᠤᠷᠤᠭᠴᠢ ᠶᠢᠨ ᠨᠡᠪᠳᠡᠷᠡᠬᠦ ᠵᠠᠮ︾᠎ ᠢ ᠲᠤᠬᠢᠷᠠᠭᠤᠯᠵᠤ᠂ ᠬᠢᠵᠢᠭ ᠤᠨ ᠬᠤᠭᠤᠴᠠᠭᠠᠨ ᠳᠠᠬᠢ ᠬᠠᠷᠢᠶ᠎ᠠ ᠣᠷᠣᠨ ᠤ ᠵᠠᠯᠠᠭᠤᠴᠤᠳ ᠪᠠᠭᠠᠴᠤᠳ ᠢ ᠬᠠᠯᠠᠮᠵᠢᠯᠠᠨ ᠬᠠᠶᠢᠷᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠡᠦᠬᠡᠳ ᠤᠳ ᠤᠨ ᠴᠠᠭ ᠲᠤ ᠪᠠᠨ ᠰᠦᠯᠵᠢᠶᠡᠨ ᠳᠡᠭᠡᠷ᠎ᠡ ᠬᠢᠴᠢᠶᠡᠯ ᠣᠷᠣᠬᠤ ᠶᠢ ᠰᠠᠭᠠᠭᠳᠠᠬᠤ ᠥᠬᠡᠶ  ᠪᠠᠶᠢᠬᠤ ᠶᠢ ᠪᠠᠳᠤᠯᠠᠭᠰᠠᠨ ᠪᠠᠶᠢᠨ᠎ᠠ᠃     ᠠᠯᠪᠠᠨ ᠲᠠᠯ᠎ᠠ ᠠᠴᠠ ᠰᠤᠷᠭᠠᠭᠤᠯᠢ ᠡᠬᠢᠯᠡᠬᠦ ᠶᠢ ᠲᠦᠷ ᠵᠣᠭᠰᠣᠭᠠᠬᠤ ᠮᠡᠳᠡᠭᠳᠡᠯ ᠭᠠᠷᠭᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠤᠨ ᠠᠵᠢᠯᠲᠠᠳ ᠰᠠᠭᠤᠭᠠᠯᠢ ᠠᠷᠠᠳ ᠤᠨ ᠲᠣᠭᠤᠷᠢᠭ ᠤᠨ ᠲᠤᠤᠷᠵᠢᠯ ᠤᠨ ᠬᠠᠮᠢᠶᠠᠷᠤᠬᠴᠢ ᠪᠠ 40--50 ᠨᠠᠰᠤᠨ ᠤ ᠠᠵᠢᠯᠴᠢᠨ ᠲᠠᠢ ᠦᠳᠲᠡᠷ ᠲᠦᠷᠭᠡᠨ ᠬᠠᠷᠢᠯᠴᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠬᠡᠷ ᠤᠨ ᠠᠬᠠᠮᠠᠳ ᠤᠨ ᠬᠠᠷᠢᠭᠤ ᠲᠤᠰᠬᠠᠭᠰᠠᠨ ᠮᠡᠳᠡᠭᠡ ᠵᠠᠩᠭᠢ ᠶᠢ ᠡᠮᠬᠢᠯᠡᠨ ᠳᠢᠭᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠤ ᠬᠢᠴᠢᠶᠡᠯ ᠤᠨ ᠬᠦᠰᠦᠨᠦᠭᠲᠦ ᠲᠠᠢ ᠬᠠᠷᠢᠴᠠᠭᠤᠯᠤᠭᠰᠠᠨ ᠤ ᠳᠠᠷᠠᠭ᠎ᠠ᠂ ᠡᠳᠦᠷ ᠪᠦᠷᠢ ᠶᠢᠨ ᠥᠷᠯᠥᠭᠡ ᠶᠢᠨ 7᠄ 00᠎ ᠠᠴᠠ 7᠄ 30᠂ 9᠄ 50᠎ ᠠᠴᠠ 10᠄ 30 ᠪᠣᠯᠲᠠᠯ᠎ᠠ ︽ᠰᠣᠷᠣᠭᠴᠢ ᠶᠢᠨ ᠨᠡᠪᠲᠡᠷᠡᠬᠦ ᠵᠠᠮ︾᠎ ᠢ ᠨᠡᠭᠡᠭᠡᠵᠦ᠂ ᠰᠤᠷᠤᠭᠴᠢᠳ ᠢ ᠤᠷᠢᠳᠠᠪᠠᠷ ᠥᠯᠢᠭᠡᠷ ᠠᠪᠤᠭᠤᠯᠬᠤ ᠪᠠᠷ ᠲᠣᠭᠲᠠᠪᠠ᠃ ᠡᠨᠡ ᠨᠢ ᠬᠡᠦᠬᠡᠳ ᠤᠨ ᠰᠦᠯᠵᠢᠶᠡᠨ ᠳᠡᠭᠡᠷ᠎ᠡ ᠬᠢᠴᠢᠶᠡᠯ ᠣᠷᠣᠬᠤ ᠶᠢ ᠨᠥᠯᠥᠭᠡᠯᠡᠬᠦ ᠥᠬᠡᠶ ᠮᠦᠷᠳᠡᠭᠡᠨ ᠪᠥᠭᠡᠮ ᠬᠦᠴᠢᠯ ᠤᠨ ᠥᠯᠢᠭᠡᠷ ᠠᠪᠬᠤ ᠠᠵᠢᠯᠳᠠᠨ᠂ ᠰᠣᠷᠣᠭᠴᠢ ᠪᠠ ᠬᠡᠷ ᠤᠨ ᠠᠬᠠᠮᠠᠳ ᠲᠤ ᠶᠡᠭᠡᠭᠡᠨ ᠲᠥᠬᠦᠮ ᠦᠵᠡᠬᠦᠯᠦᠭᠰᠡᠨ ᠪᠠᠶᠢᠨ᠎ᠠ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ