ᠤᠷᠠᠯᠢᠭ ᠰᠤᠶᠤᠯ ᠤᠨ ᠮᠦᠷ ᠢᠶᠠᠷ ᠤᠷᠮ᠎ᠠ ᠲᠠᠢ ᠵᠢᠳᠬᠦᠵᠦ ᠶᠠᠪᠤᠭ᠎ᠠ ᠸᠠᠩ ᠯᠢᠨ ᠸᠧᠶ
ᠨᠡᠶᠢᠲᠡᠯᠡᠭᠰᠡᠨ ᠴᠠᠭ᠄
2022/10/25
       ᠡᠵᠡᠨ ᠬᠤᠷᠤᠭ᠎ᠠ ᠬᠤᠰᠢᠭᠤᠨ ᠤ ᠤᠯᠠᠭᠠᠨᠮᠥ᠋ᠴᠢᠷ ᠤᠨ ᠠᠵᠢᠯᠳᠠᠨ ᠸᠠᠩ ᠯᠢᠨ ᠸᠧᠶ ᠣᠭ ᠰᠠᠨᠠᠭ᠎ᠠ ᠪᠠᠨ ᠥᠯᠥ ᠮᠠᠷᠲᠠᠨ᠂ ᠨᠠᠮ ᠤᠨ ᠵᠣᠷᠢᠯᠲᠠ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠨ᠂ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠠᠷᠭ᠎ᠠ ᠬᠡᠯᠪᠡᠷᠢ ᠪᠠᠷ᠂ ᠨᠠᠮ ᠤᠨ ᠲᠠᠭᠤᠤ ᠪᠠ ᠬᠠᠶᠢᠷ᠎ᠠ ᠬᠠᠯᠠᠮᠵᠢ ᠶᠢ ᠦᠨᠳᠦᠰᠦᠨ ᠱᠠᠳᠤᠨ ᠳᠤ ᠳᠠᠮᠵᠢᠭᠤᠯᠵᠤ᠂ ᠡᠵᠡᠨ ᠬᠤᠷᠤᠭ᠎ᠠ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃      ᠤᠯᠠᠨ ᠵᠢᠯ ᠤᠨ ᠲᠤᠷᠰᠢ᠂ ᠸᠠᠩ ᠯᠢᠨ ᠸᠧᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠡᠳᠦᠷ ᠳᠤᠳᠤᠮ ᠤᠨ ᠠᠵᠢᠯ ᠤᠨ ᠢᠶᠠᠨ ᠴᠢᠬᠤᠯᠠ ᠠᠭᠤᠯᠭ᠎ᠠ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠢ ᠡᠯ᠎ᠡ ᠵᠦᠢᠯ ᠤᠨ ᠠᠵᠢᠯ ᠳᠤ ᠨᠡᠪᠴᠢᠭᠦᠯᠦᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠭᠰᠠᠨ ᠪᠠᠶᠢᠨ᠎ᠠ᠃       ᠵᠢᠯ ᠪᠤᠯᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠳᠬ᠎ᠠ ᠤᠷᠠᠯᠢᠭ ᠤᠨ ᠪᠦᠲᠦᠭᠡᠯ ᠢ ᠨᠠᠭᠠᠳᠤ ᠵᠠᠬ᠎ᠠ ᠎ ᠳᠤ ᠪᠠᠨ 10 ᠢᠯᠡᠬᠦᠦ ᠵᠤᠬᠢᠶᠠᠨ ᠪᠦᠳᠦᠬᠡᠵᠦ᠂  ᠦᠨᠳᠤᠰᠤᠨ ᠱᠠᠳᠤᠨ ᠳᠤ ᠪᠠᠭᠤᠵᠤ ᠲᠣᠭᠯᠠᠯᠲᠠ ᠭᠠᠷᠭᠠᠬᠤ ᠵᠢᠴᠢ ᠤᠬᠠᠭᠤᠯᠭ᠎ᠠ ᠶᠢᠨ ᠠᠵᠢᠯᠯᠠᠭ᠎ᠠ ᠶᠢ 100 ᠭᠠᠷᠤᠢ ᠤᠳᠠᠭ᠎ᠠ ᠦᠷᠨᠢᠬᠦᠯᠵᠦ᠂ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠠᠵᠢᠯ ᠠᠮᠢᠳᠤᠷᠠᠯ ᠤᠨ ᠳᠤᠮᠳᠠ ᠪᠠᠨ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠭᠦᠨ ᠵᠤᠵᠠᠭᠠᠨ ᠨᠥᠬᠦᠷᠯᠡᠯ ᠢ ᠪᠠᠶᠢᠭᠤᠯᠵᠤ᠂ ᠪᠦᠯᠬᠦᠮᠳᠡᠯ ᠲᠠᠢ ᠡᠶ᠎ᠡ ᠨᠠᠶᠢᠷᠠᠮᠳᠠᠭᠤ ᠠᠭᠤᠷ ᠠᠮᠢᠰᠬᠤᠯ ᠢ ᠪᠣᠢ ᠪᠤᠯᠭᠠᠨ᠂ ᠪᠥᠬᠦ ᠬᠤᠰᠢᠭᠤᠨ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠱᠤᠭᠤᠵᠤ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ