| ᠤᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ | ᠲᠥᠪ 2022 ᠣᠨ ᠤ ᠠᠵᠢᠯ ᠣᠯᠭᠤᠯᠲᠠ ᠶᠢᠨ ᠳᠠᠳᠤᠯᠭ᠎ᠠ ᠶᠢᠨ ᠲᠤᠰᠬᠠᠶ ᠲᠠᠯᠠᠪᠤᠷ ᠤᠨ ᠠᠵᠢᠯᠲᠠᠨ ᠡᠯᠰᠡᠬᠦ | ᠬᠤᠷᠠᠯ ᠡᠷᠭᠢᠯᠡᠵᠦ᠂ ᠪᠥᠬᠦ ᠬᠤᠰᠢᠭᠤᠨ ᠤ 11 ᠠᠵᠢᠯ ᠦᠢᠯᠡᠰ ᠤᠨ ᠨᠢᠬᠡᠴᠢ᠂ ᠠᠵᠤ ᠠᠬᠤᠶᠢᠯᠠᠯ ᠠᠵᠢᠯᠲᠠᠨ | ᠡᠯᠰᠡᠬᠦ ᠬᠤᠷᠠᠯ ᠳᠤ ᠣᠷᠣᠯᠴᠠᠭᠰᠠᠨ ᠪᠥᠭᠡᠳ ᠡᠮ ᠡᠮᠨᠡᠯᠭᠡ᠂ ᠡᠳ᠋ ᠤᠨ ᠶᠠᠪᠤᠳᠠᠯ᠂ ᠨᠠᠷᠢᠨ ᠪᠢᠴᠢᠭᠡᠴᠢ᠂ ᠬᠠᠤᠯᠢ ᠶᠢᠨ | ᠤᠬᠠᠭᠠᠨ ᠵᠡᠷᠭᠡ 135 ᠳᠠᠳᠤᠯᠭ᠎ᠠ ᠶᠢᠨ ᠠᠵᠢᠯ ᠤᠨ ᠪᠠᠶᠢᠷᠢ ᠬᠠᠩᠭᠠᠵᠤ᠂ 100 ᠨᠡᠷ᠎ᠡ ᠳᠠᠳᠤᠯᠭ᠎ᠠ ᠶᠢᠨ ᠤᠶᠤᠳᠠᠳ | ᠤᠷᠢᠨ ᠡᠯᠰᠡᠯᠳᠡ ᠳᠤ ᠨᠡᠷ᠎ᠡ ᠮᠡᠳᠡᠭᠦᠯᠦᠨ ᠤᠷᠤᠯᠴᠠᠪᠠ᠃ | | | | ᠲᠣᠰ ᠤᠳᠠᠭᠠᠨ ᠤ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠬᠤᠷᠠᠯ ᠨᠢ ︽ᠢᠯᠡ ᠲᠣᠳᠣ᠂ ᠡᠷᠬᠡ ᠲᠡᠭᠰᠢ | ᠂ ᠲᠥᠪ ᠭᠤᠤᠯᠴᠢ︾ ᠪᠠᠶᠢᠬᠤ ᠵᠠᠷᠴᠢᠮ ᠶᠣᠰᠣᠭᠠᠷ᠂ ᠬᠠᠩᠭᠠᠯᠭ᠎ᠠ ᠬᠡᠷᠡᠭᠴᠡᠭᠡ ᠶᠢ ᠠᠭᠤᠯᠵᠠᠭᠤᠯᠬᠤ᠂ ᠬᠤᠤᠰ | ᠴᠢᠭᠯᠡᠯ ᠢᠶᠠᠷ ᠰᠣᠩᠭᠤᠬᠤ ᠠᠷᠭ᠎ᠠ ᠬᠡᠯᠪᠡᠷᠢ ᠪᠠᠷ ᠶᠡᠭᠡ ᠳᠡᠭᠡᠳᠦ ᠰᠤᠷᠭᠠᠭᠤᠯᠢ ᠶᠢᠨ ᠤᠶᠤᠳᠠᠨ ᠪᠣᠯᠤᠨ ᠬᠥᠮᠦᠨ | ᠬᠡᠷᠡᠭᠯᠡᠬᠦ ᠨᠢᠬᠡᠴᠢ ᠶᠢᠨ ᠠᠵᠢᠯ ᠤᠨ ᠪᠠᠶᠢᠷᠢ ᠪᠠᠨ ᠭᠦᠨᠵᠡᠭᠡᠶ ᠰᠣᠯᠢᠯᠴᠠᠬᠤ ᠳᠤ ᠲᠠᠪᠴᠠᠩ ᠪᠠᠶᠢᠭᠤᠯᠪᠠ᠃ ᠲᠤᠬᠠᠶ ᠶᠢᠨ | ᠲᠠᠯᠠᠪᠤᠷ ᠲᠤ ᠳᠠᠳᠤᠯᠭ᠎ᠠ ᠬᠢᠬᠦ ᠨᠢᠬᠡᠴᠢ ᠨᠡᠶᠢᠲᠡ 170 ᠭᠠᠷᠤᠶ ᠬᠤᠪᠢ ᠤᠷᠢᠭᠳᠠᠬᠤ ᠲᠣᠪᠴᠢ ᠨᠠᠮᠲᠠᠷ ᠢ ᠭᠥᠯᠢᠶᠡᠨ | ᠠᠪᠴᠤ᠂ ᠠᠩᠬ᠎ᠠ ᠠᠯᠬᠤᠮ ᠳᠠᠳᠤᠯᠭ᠎ᠠ ᠬᠢᠬᠦ ᠰᠠᠨᠠᠮᠵᠢ ᠲᠣᠭᠲᠠᠵᠤ᠂ ᠲᠤᠬᠠᠶ ᠶᠢᠨ ᠲᠠᠯᠠᠪᠤᠷ ᠲᠤ 20 ᠬᠤᠪᠢ | ᠳᠠᠳᠤᠯᠭ᠎ᠠ ᠶᠢᠨ ᠬᠡᠯᠡᠯᠴᠡᠭᠡᠷ ᠲᠣᠭᠲᠠᠪᠠ᠃ | | | | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠳᠡᠭᠡᠳᠦ ᠰᠤᠷᠭᠠᠭᠤᠯᠢ ᠶᠢᠨ ᠤᠶᠤᠳᠠᠳ ᠤᠨ ᠲᠡᠭᠦᠰᠬᠦ | ᠤᠯᠠᠷᠢᠯ ᠢ ᠳᠠᠭᠠᠵᠤ᠂ ᠠᠵᠢᠯ ᠣᠯᠭᠤᠯᠲᠠ ᠶᠢᠨ ᠲᠣᠬᠢᠷᠠᠯᠴᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ ᠤᠨ | ᠪᠡᠯᠡᠳᠬᠡᠯ ᠠᠵᠢᠯ ᠤᠨ ᠱᠠᠲᠤᠨ ᠳᠤ᠂ ᠡᠵᠡᠨ ᠬᠤᠷᠤᠭ᠎ᠠ ᠬᠤᠰᠢᠭᠤᠨ ᠤ ᠠᠵᠢᠯ ᠲᠠᠨᠢᠯᠴᠠᠭᠤᠯᠬᠤ ᠲᠠᠪᠴᠠᠩ ᠢᠶᠠᠷ | ᠳᠠᠮᠵᠢᠨ ᠳᠠᠳᠤᠯᠭ᠎ᠠ ᠬᠢᠬᠦ ᠬᠦᠰᠡᠯ ᠡᠷᠡᠮᠡᠯᠵᠡᠯ ᠲᠠᠢ ᠳᠡᠭᠡᠳᠦ ᠰᠤᠷᠭᠠᠭᠤᠯᠢ ᠶᠢᠨ ᠤᠶᠤᠳᠠᠳ ᠤᠨ 100 ᠬᠥᠮᠦᠨ | ᠳᠠᠩᠰᠠᠯᠠᠬᠤ ᠶᠢᠨ ᠬᠠᠮᠲᠤ ᠲᠤᠰᠬᠠᠶ ᠮᠡᠷᠭᠡᠵᠢᠯ᠂ ᠰᠤᠷᠤᠯᠭ᠎ᠠ ᠶᠢᠨ ᠨᠠᠮᠲᠠᠷ ᠤᠨ ᠣᠨᠴᠠᠯᠢᠭ ᠲᠠᠢ ᠪᠠᠨ ᠤᠶᠠᠯᠳᠤᠭᠤᠯᠤᠨ | ᠪᠥᠬᠦ ᠬᠤᠰᠢᠭᠤᠨ ᠤ ᠠᠵᠢᠯ ᠦᠢᠯᠡᠰ ᠤᠨ ᠨᠢᠬᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠴᠢᠨᠠᠷ | ᠰᠠᠶᠢᠲᠠᠶ ᠳᠠᠳᠤᠯᠭ᠎ᠠ ᠶᠢᠨ ᠠᠵᠢᠯ ᠤᠨ ᠪᠠᠶᠢᠷᠢ ᠡᠯᠰᠡᠵᠦ᠂ ᠳᠡᠭᠡᠳᠦ ᠰᠤᠷᠭᠠᠭᠤᠯᠢ ᠶᠢᠨ ᠤᠶᠤᠳᠠᠳ ᠤᠨ ᠠᠵᠢᠯ ᠤᠯᠬᠤ | ᠢᠳᠡᠪᠬᠢᠵᠢᠯ ᠢ ᠬᠦᠢᠴᠡᠳ ᠳᠠᠶᠢᠴᠢᠯᠠᠬᠤ ᠪᠣᠯᠤᠨ᠎ᠠ᠃ | | | | ᠣᠶᠢᠷ᠎ᠠ ᠶᠢᠨ ᠬᠡᠳᠦᠨ ᠵᠢᠯ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ | ᠣᠯᠭᠤᠯᠲᠠ ᠶᠢᠨ ᠳᠠᠳᠤᠯᠭ᠎ᠠ ᠶᠢᠨ ᠠᠵᠢᠯ ᠢ ᠶᠡᠭᠡ ᠪᠠᠷ ᠳᠥᠯᠭᠢᠨ ᠠᠬᠢᠭᠤᠯᠵᠤ᠂ ᠠᠵᠢᠯ ᠣᠯᠭᠤᠯᠲᠠ ᠶᠢᠨ | ᠳᠠᠳᠤᠯᠭ᠎ᠠ ᠪᠠᠷ ᠳᠠᠮᠵᠢᠨ ᠬᠥᠮᠦᠨ ᠬᠡᠷᠡᠭᠯᠡᠬᠦ ᠨᠢᠭᠡᠴᠢ ᠪᠠ ᠲᠡᠭᠦᠰᠬᠦ ᠰᠣᠷᠣᠭᠴᠢ ᠬᠤᠶᠠᠷ ᠲᠠᠯ᠎ᠠ ᠳᠤ ᠬᠤᠤᠰ | ᠴᠢᠭᠯᠡᠯ ᠢᠶᠠᠷ ᠵᠣᠬᠢᠴᠠᠭᠤᠯᠬᠤ ᠪᠠ ᠬᠤᠤᠰ ᠴᠢᠭᠯᠡᠯ ᠢᠶᠠᠷ ᠰᠣᠩᠭᠤᠬᠤ ︽ᠵᠠᠪᠰᠠᠷ ᠤᠨ ᠣᠷᠣᠨ︾ ᠢ ᠪᠠᠶᠢᠭᠤᠯᠵᠤ᠂ | ᠠᠵᠢᠯ ᠣᠯᠭᠤᠯᠲᠠ ᠶᠢᠨ ᠵᠣᠬᠢᠴᠠᠯ ᠤᠨ ᠠᠮᠵᠢᠯᠲᠠ ᠤᠯᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠪᠡ᠃ ᠲᠠᠷᠠᠭ᠎ᠠ | ᠠᠯᠬᠤᠮ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠰᠤᠷᠭᠠᠭᠤᠯᠢ ᠠᠵᠤ ᠠᠬᠤᠶᠢᠯᠠᠯ ᠢ ᠵᠣᠯᠭᠠᠭᠤᠯᠬᠤ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠪᠠᠨ | ᠳᠠᠶᠢᠴᠢᠯᠠᠬᠤ ᠠᠵᠢᠯᠯᠠᠭ᠎ᠠ ᠵᠡᠷᠭᠡ ᠪᠠᠷ ᠳᠠᠮᠵᠢᠭᠤᠯᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠷᠭ᠎ᠠ ᠵᠠᠮ ᠢ | ᠥᠷᠭᠡᠳᠬᠡᠬᠦ ᠶᠢ ᠰᠦᠪᠡᠭᠴᠢᠯᠡᠵᠦ᠂ ᠳᠠᠳᠤᠯᠭ᠎ᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠠᠷᠢᠨ | ᠤᠨᠤᠴᠠᠳᠠᠢ ᠪᠠᠷ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠵᠦ᠂ ᠳᠡᠭᠡᠳᠦ ᠰᠤᠷᠭᠠᠭᠤᠯᠢ | ᠶᠢᠨ ᠤᠶᠤᠳᠠᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠵᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ | ᠪᠥᠬᠦ ᠬᠤᠰᠢᠭᠤᠨ ᠤ ᠠᠵᠢᠯ ᠣᠯᠭᠤᠯᠲᠠ ᠶᠢᠨ ᠪᠠᠶᠢᠳᠠᠯ ᠤᠨ ᠲᠣᠭᠲᠠᠭᠤᠨ ᠢ ᠦᠨᠡᠨ ᠬᠦ ᠪᠠᠲᠤᠯᠠᠨ᠎ᠠ᠃ | | | | | | |