ᠬᠠᠮᠲᠤ ᠶᠢᠨ ᠠᠵᠤ ᠠᠬᠤᠶ ᠠᠰᠢᠭ ᠣᠷᠣᠯᠭ᠎ᠠ ᠣᠯᠵᠤ᠂ ​ᠠᠷᠠᠳ ᠲᠤ ᠦᠨ᠎ᠡ ᠲᠥᠯᠦᠪᠦᠷᠢ ᠦᠭᠡᠢ ᠪᠠᠷ ᠴᠠᠭᠠᠨ ᠨᠣᠭᠤᠭ᠎ᠠ ᠲᠠᠷᠬᠠᠭᠠᠪᠠ
ᠨᠡᠶᠢᠲᠡᠯᠡᠭᠰᠡᠨ ᠴᠠᠭ᠄
2022/10/26
    ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤ ᠶᠢᠨ ᠤᠯᠠᠭᠠᠬᠤᠪᠤᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ  ᠬᠦᠭᠵᠢᠯᠳᠡ ᠶᠢ ᠴᠢᠷᠮᠠᠶᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 2022 ᠣᠨ ᠤ 4 ᠳ᠋ᠤᠭᠡᠷ ᠰᠠᠷ᠎ᠠ ᠠᠴᠠ ᠡᠬᠢᠯᠡᠨ 20 ᠮᠦ ᠭᠠᠵᠠᠷ ᠲᠤ ᠴᠠᠭᠠᠨ ᠨᠣᠭᠤᠭ᠎ᠠ ᠳᠠᠷᠢᠬᠤ ᠲᠥᠷᠥᠯ ᠵᠦᠢᠯ ᠢ ᠬᠡᠷᠡᠭᠵᠢᠭᠦᠯᠪᠡ᠃ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠨᠠᠮ ᠤᠨ ᠭᠡᠰᠢᠭᠦᠳ ᠢᠶᠠᠷ ᠪᠦᠷᠢᠯᠳᠦᠭᠰᠡᠨ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠭᠢ ᠶᠢᠨ ᠨᠠᠷᠢᠨ ᠨᠢᠮᠪᠠᠶ ᠬᠠᠮᠠᠭᠠᠯᠠᠯᠲᠠ ᠳᠤᠤᠷ᠎ᠠ᠂ ᠣᠶᠢᠷ᠎ᠠ ᠳᠤ᠂ ᠤᠯᠠᠭᠠᠬᠤᠪᠤᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠠᠷᠢᠭᠰᠠᠨ ᠴᠠᠭᠠᠨ ᠨᠣᠭᠤᠭ᠎ᠠ ᠡᠯᠪᠡᠭ ᠬᠤᠷᠢᠶᠠᠯᠲᠠ ᠤᠯᠪᠠ᠃    ᠭᠠᠴᠠᠭᠠᠨ ᠤ ᠬᠤᠶᠠᠷ ᠵᠥᠪᠯᠡᠯ ᠵᠢᠴᠢ ᠭᠠᠴᠠᠭᠠᠨ ᠤ ᠠᠷᠠᠳ ᠤᠨ ᠲᠥᠯᠥᠭᠡᠯᠡᠭᠴᠢᠳ ᠨᠠᠷᠢᠨ ᠬᠢᠨᠠᠮᠠᠭᠠᠢ ᠵᠥᠪᠳᠡᠯᠴᠡᠭᠡᠳ ᠤᠷᠢᠳ ᠢᠶᠠᠷ ᠭᠠᠳᠠᠭᠰᠢ ᠨᠢᠭᠡ ᠬᠡᠰᠡᠭ ᠴᠠᠭᠠᠨ ᠨᠣᠭᠤᠭ᠎ᠠ ᠶᠢ ᠪᠣᠷᠤᠯᠠᠭᠤᠯᠵᠤ᠂ ᠦᠯᠡᠳᠡᠭᠰᠡᠨ ᠨᠢᠭᠡ ᠬᠡᠰᠡᠭ ᠢ ᠨᠢ ᠦᠨ᠎ᠡ ᠲᠥᠯᠦᠪᠦᠷᠢ ᠦᠭᠡᠢ ᠪᠠᠷ ᠭᠠᠴᠠᠭᠠᠨ ᠤ ᠠᠷᠠᠳ ᠲᠤ ᠬᠤᠪᠢᠶᠠᠨ ᠥᠭᠴᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢᠨ ᠬᠠᠷᠢᠭᠤ ᠲᠤᠰᠬᠠᠯ ᠪᠣᠯᠭᠠᠨᠰᠠᠨ ᠪᠠᠶᠢᠨ᠎ᠠ᠃ ᠡᠨᠡ ᠨᠢ ᠣᠳᠣᠬᠠᠨ ᠤ ᠬᠠᠮᠲᠤ ᠶᠢᠨ ᠠᠵᠤ ᠠᠬᠤᠶ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠲᠣᠬᠢᠲᠠᠶ ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠲᠣᠰᠬᠤᠨ ᠤ ᠠᠷᠠᠳ ᠤᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠦ᠂ ᠤᠯᠠᠭᠠᠬᠤᠪᠤᠭ᠎ᠠ ᠲᠣᠰᠬᠤᠨ ᠤ ᠡᠶ᠎ᠡ ᠵᠣᠬᠢᠴᠠᠩᠭᠤᠶ ᠲᠣᠭᠲᠠᠭᠤᠨ ᠪᠠᠶᠢᠳᠠᠯ ᠢ ᠠᠬᠢᠭᠤᠯᠪᠠ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ