ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ 2022 ᠣᠨ ᠤ ︽ᠣᠷᠴᠢᠨ ᠲᠣᠭᠤᠷᠢᠨ ᠤ  ᠬᠠᠮᠠᠭᠠᠯᠠᠬᠴᠢᠳ ᠤᠨ ᠪᠠᠶᠠᠷ︾᠎ ᠤᠨ ᠲᠣᠬᠤᠨᠢᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/10/26
      10 ᠳ᠋ᠤᠭᠠᠷ ᠰᠠᠷ᠎ᠠ ᠶᠢᠨ 26᠎ ᠤ ᠡᠳᠦᠷ ᠪᠣᠯ ᠪᠥᠬᠦ ᠤᠯᠤᠰ ᠤᠨ ᠬᠤᠷᠢᠨ ᠵᠢᠷᠭᠤᠭᠠᠳᠠᠬᠢ ︽ᠣᠷᠴᠢᠨ ᠲᠣᠭᠤᠷᠢᠨ ᠤ ᠬᠠᠮᠠᠭᠠᠯᠠᠬᠴᠢᠳ ᠤᠨ ᠪᠠᠶᠠᠷ︾ ᠪᠣᠯᠤᠨ᠎ᠠ᠃ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ 2022 ᠣᠨ ᠤ ︽ᠣᠷᠴᠢᠨ ᠲᠣᠭᠤᠷᠢᠨ ᠤ ᠬᠠᠮᠠᠭᠠᠯᠠᠬᠴᠢᠳ ᠤᠨ ᠪᠠᠶᠠᠷ︾᠎ ᠤᠨ ᠲᠣᠬᠤᠨᠢᠭᠤᠯᠬᠤ ᠠᠵᠢᠯᠯᠠᠭ᠎ᠠ ᠮᠠᠨ ᠤ ᠬᠤᠰᠢᠭᠤᠨ ᠤ ᠠᠵᠢᠯᠴᠢᠨ ᠤ ᠰᠣᠶᠣᠯ ᠤᠨ ᠣᠷᠳᠣᠨ ᠳᠤ ᠡᠬᠢᠯᠡᠪᠡ᠃ ᠬᠤᠳᠠ ᠶᠢᠨ ᠤᠳᠤᠷᠢᠳᠤᠯᠭ᠎ᠠ ᠵᠤᠤ ᠹᠸᠢ ᠯᠦ᠂ ᠰᠦᠨ ᡁᠢ ᠭᠠᠩ᠂ ᠬᠤᠰᠢᠭᠤᠨ ᠤ ᠤᠳᠤᠷᠢᠳᠤᠯᠭ᠎ᠠ ᠶᠠᠨ ᠼᠠᠢ ᠢᠦᠢ᠂ ᠶᠠᠩ ᠲᠠᠯᠠᠢ᠂ ᠵᠧᠦ ᠯᠢ ᠮᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠣᠷᠴᠢᠨ ᠲᠣᠭᠤᠷᠢᠨ ᠤ ᠬᠠᠮᠠᠭᠠᠯᠠᠬᠴᠢᠳ ᠤᠨ ᠲᠦᠯᠦᠭᠡᠯᠡᠭᠴᠢ ᠳᠤ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃      ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠬᠤᠲᠠ ᠬᠤᠰᠢᠭᠤ ᠬᠤᠶᠠᠷ ᠱᠠᠲᠤᠨ ᠤ ᠤᠳᠤᠷᠢᠳᠤᠯᠭ᠎ᠠ ᠠᠯᠳᠠᠨᠰᠢᠷᠡᠭᠡ ᠪᠠᠯᠭᠠᠰᠤ ᠶᠢᠨ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠬᠡᠰᠡᠭ ᠬᠠᠮᠠᠭᠠᠯᠠᠬᠴᠢᠳ ᠢ  ᠪᠤᠯᠭᠤᠭᠠᠨ ᠲᠣᠬᠤᠨᠢᠭᠤᠯᠪᠠ᠃ ᠲᠤᠰ ᠤᠳᠠᠭᠠᠨ ᠤ ᠠᠵᠢᠯᠯᠠᠭ᠎ᠠ ᠥᠷᠨᠢᠭᠦᠯᠦᠭᠰᠡᠨ ᠨᠢ ᠥᠷᠭᠡᠨ ᠣᠯᠠᠨ ᠣᠷᠴᠢᠨ ᠲᠣᠭᠤᠷᠢᠨ ᠤ ᠬᠠᠮᠠᠭᠠᠯᠠᠬᠴᠢᠳ ᠤᠨ ᠠᠵᠢᠯ ᠤᠨ ᠢᠳᠡᠪᠬᠢᠵᠢᠯ ᠢ ᠳᠠᠶᠢᠴᠢᠯᠠᠭᠰᠠᠨ ᠢᠶᠠᠷ ᠪᠠᠷᠠᠬᠤ ᠥᠬᠡᠶ᠂ ᠪᠠᠰᠠ ᠥᠷᠭᠡᠨ ᠣᠯᠠᠨ ᠬᠤᠲᠠ ᠶᠢᠨ ᠠᠷᠠᠳ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠪᠥᠬᠦ ᠨᠡᠶᠢᠭᠡᠮ ᠳᠤ  ᠣᠷᠴᠢᠨ ᠲᠣᠭᠤᠷᠢᠨ ᠤ ᠬᠠᠮᠠᠭᠠᠯᠠᠬᠴᠢᠳ ᠢ ᠬᠦᠨᠳᠦᠳᠬᠡᠨ ᠬᠠᠶᠢᠷᠠᠯᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠤᠶᠢᠯᠠᠭᠠᠨ ᠳᠡᠮᠵᠢᠬᠦ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠪᠠ᠃      ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠤ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠥᠪ ᠤᠨ ᠬᠠᠷᠢᠭᠤᠴᠠᠯᠭᠠᠲᠠᠨ ᠵᠢᠴᠢ ᠬᠡᠰᠡᠭ ᠣᠷᠴᠢᠨ ᠲᠣᠭᠤᠷᠢᠨ ᠤ ᠬᠠᠮᠠᠭᠠᠯᠠᠬᠴᠢᠳ ᠤᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃                                 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ