ᠡᠵᠡᠨ ᠬᠤᠷᠤᠭ᠎ᠠ ᠬᠤᠰᠢᠭᠤ ᠢ‍‌ᠵᠭᠤᠯᠴᠢᠯᠠᠯ ᠤᠨ ᠣᠷᠣᠨ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠡᠷᠦᠬᠡ ᠶᠢ ᠳᠡᠰ ᠳᠡᠪᠰᠢᠭᠦᠯᠬᠦ ᠲᠤᠰᠬᠠᠶ ᠰᠡᠳᠦᠪᠲᠦ ᠪᠣᠯᠪᠠᠰᠤᠷᠠᠯ ᠬᠢᠪᠡ
ᠨᠡᠶᠢᠲᠡᠯᠡᠭᠰᠡᠨ ᠴᠠᠭ᠄
2022/10/27
                                                        10 ᠳ᠋ᠤᠭᠠᠷ ᠰᠠᠷ᠎ᠠ ᠶᠢᠨ 26᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠪᠥᠬᠦ ᠬᠤᠰᠢᠭᠤᠨ ᠤ ᠬᠡᠪᠴᠢᠶᠡᠨ ᠳᠤ ᠪᠠᠷᠢᠮᠵᠢᠶᠠᠵᠢᠭᠤᠯᠤᠭᠰᠠᠨ ᠤᠷᠴᠢᠨ ᠨᠦᠬᠦᠴᠡᠯ ᠳᠤᠤᠷᠠᠬᠢ ᠵᠢᠭᠤᠯᠴᠢᠯᠠᠯ ᠤᠨ ᠣᠷᠣᠨ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠡᠷᠦᠬᠡ ᠎ ᠳᠤ ᠳᠡᠰ ᠳᠡᠪᠰᠢᠭᠦᠯᠬᠦ ᠲᠤᠰᠬᠠᠶ ᠰᠡᠳᠦᠪᠲᠦ ᠪᠣᠯᠪᠠᠰᠤᠷᠠᠯ  ᠦᠷᠨᠢᠭᠦᠯᠦᠨ᠂ 50 ᠭᠠᠷᠤᠶ ᠬᠥᠮᠦᠨ ᠪᠣᠯᠪᠠᠰᠤᠷᠠᠯ ᠳᠤ ᠣᠷᠤᠯᠴᠠᠪᠠ᠃      ᠪᠣᠯᠪᠠᠰᠤᠷᠠᠯ ᠳᠤ᠂ ᠥᠪᠥᠷ ᠮᠣᠩᠭᠤᠯ ᠤᠨ ᠵᠧᠩ ᠱᠧᠩ ᠵᠢᠭᠤᠯᠴᠢᠯᠠᠯ ᠤᠨ ᠦᠢᠯᠡᠴᠢᠯᠡᠭᠡᠨ ᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢᠦ ᠸᠧᠶ ᠳ᠋ᠦᠩ ᠢ ᠤᠷᠢᠵᠦ᠂ ᠵᠢᠭᠤᠯᠴᠢᠯᠠᠯ ᠤᠨ ᠣᠷᠣᠨ᠂ ᠥᠪᠡᠷᠲᠡᠭᠡᠨ ᠵᠠᠰᠠᠬᠤ ᠣᠷᠣᠨ ᠤ ᠣᠳᠣᠨ ᠲᠠᠰ ᠤᠨ ᠬᠦᠯᠢᠶᠡᠨ ᠵᠤᠴᠢᠯᠠᠬᠤ ᠡᠷᠦᠬᠡ ᠶᠢ ᠬᠢᠨᠠᠨ ᠲᠣᠭᠲᠠᠭᠠᠬᠤ ᠪᠠᠷᠢᠮᠵᠢᠶ᠎ᠠ ᠪᠠ ᠡᠵᠡᠩᠨᠡᠯᠲᠡ ᠬᠠᠮᠢᠶᠠᠷᠤᠯᠲᠠ ᠬᠢᠬᠦ ᠠᠷᠭ᠎ᠠ ᠪᠠᠷᠢᠯ ᠵᠡᠷᠭᠡ ᠲᠠᠯ᠎ᠠ ᠪᠠᠷ ᠭᠦᠨᠵᠡᠭᠡᠶ ᠲᠠᠶᠢᠯᠤᠮᠵᠢ ᠬᠢᠵᠦ᠂ ᠡᠵᠡᠩᠨᠡᠭᠴᠢ᠂ ᠬᠠᠮᠢᠶᠠᠷᠤᠯᠲᠠ ᠬᠢᠵᠤ ᠪᠠᠶᠢᠭ᠎ᠠ ᠬᠦᠮᠤᠰ ᠵᠢᠴᠢ ᠠᠵᠢᠯᠳᠠᠨ ᠤ ᠬᠡᠪ ᠴᠢᠨᠠᠷ᠂ ᠴᠢᠳᠠᠪᠤᠷᠢ ᠶᠢ  ᠤᠯᠠᠮ ᠨᠢᠭᠡ ᠠᠯᠬᠤᠮ ᠲᠡᠭᠡᠭᠰᠢᠯᠡᠬᠦᠯᠵᠦ᠂  ᠲᠠᠷᠠᠭᠠᠴᠢ ᠪᠠᠷ ᠡᠵᠡᠩᠨᠡᠯᠳᠡ ᠬᠠᠮᠢᠶᠠᠷᠤᠯᠳᠠ ᠬᠢᠬᠦ ᠳᠤ ᠨᠢ ᠣᠶᠤᠨ ᠤ ᠳᠡᠮᠵᠢᠯᠭᠡ ᠬᠠᠩᠭᠠᠭᠰᠠᠨ ᠪᠠᠶᠢᠨ᠎ᠠ᠃      ᠪᠣᠯᠪᠠᠰᠤᠷᠠᠯ ᠨᠢ ᠢ‍‌ᠵᠭᠤᠯᠴᠢᠯᠠᠯ ᠤᠨ ᠣᠷᠣᠨ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠡᠷᠦᠬᠡ ᠶᠢᠨ ᠡᠵᠡᠩᠨᠡᠯᠳᠡ ᠬᠠᠮᠢᠶᠠᠷᠤᠯᠳᠠ ᠬᠢᠬᠦ ᠳᠤ ᠨᠢ ᠠᠰᠢᠭᠲᠠᠶ ᠪᠠᠷ ᠪᠠᠷᠠᠬᠤ ᠥᠬᠡᠶ᠂ ᠵᠢᠭᠤᠯᠴᠢᠯᠠᠯ ᠢ ᠬᠦᠭᠵᠢᠬᠦᠯᠦᠨ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠬᠦᠯᠬᠦ ᠳᠤ ᠲᠡᠮᠵᠢᠯᠭᠡ ᠦᠵᠡᠬᠦᠯᠦᠭᠰᠡᠨ ᠪᠠᠶᠢᠨ᠎ᠠ᠃     
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ